7 ᠰᠠᠷ᠎ᠠ ᠶᠢᠨ 14 ᠤ ᠡᠳᠦᠷ ᠠᠴᠠ 7 ᠰᠠᠷ᠎ᠠ ᠶᠢᠨ 15 ᠤ ᠡᠳᠦᠷ ᠪᠣᠯᠲᠠᠯ᠎ᠠ᠂ ᠡᠵᠡᠨ᠎ᠡ ᠬᠤᠰᠢᠭᠤ᠂ ᠠᠯᠠᠱᠠ | ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤᠨ ᠤ ᠬᠤᠶᠢᠲᠤ ᠪᠠᠶ᠎ᠠ ᠪᠠᠷ᠂ ᠠᠯᠠᠱᠠ ᠠᠭᠤᠯᠠ ᠶᠢᠨ ᠠᠭᠤᠯᠠᠷᠬᠠᠭ | ᠣᠷᠣᠨ ᠳᠤ ᠪᠠᠭ᠎ᠠ ᠪᠣᠷᠣᠭᠠᠨ ᠣᠷᠣᠵᠤ᠂ ᠡᠭᠦᠨ ᠳᠤ ᠡᠵᠡᠨ᠎ᠡ ᠬᠤᠰᠢᠭᠤᠨ ᠤ ᠵᠡᠭᠦᠨ ᠪᠡᠶ᠎ᠡ᠂ ᠠᠯᠠᠱᠠ ᠪᠠᠷᠠᠭᠤᠨ | ᠬᠤᠰᠢᠭᠤᠨ ᠤ ᠬᠤᠶᠢᠲᠤ ᠪᠡᠶ᠎ᠡ ᠳᠤ ᠳᠤᠮᠳᠠ ᠵᠡᠷᠭᠡ ᠶᠢᠨ ᠪᠣᠷᠣᠭᠠᠨ ᠣᠷᠣᠵᠤ᠂ ᠦᠩᠲᠦᠭᠤᠤᠯ ᠰᠤᠮᠤᠨ ᠳᠤ | ᠠᠶᠤᠩᠭᠠᠲᠤ ᠪᠣᠷᠣᠭᠠᠨ ᠣᠷᠣᠭᠰᠠᠨ ᠪᠠᠶᠢᠨ᠎ᠠ᠃ ᠣᠶᠢᠯᠠᠭᠠᠭᠰᠠᠨ ᠢᠶᠠᠷ᠂ 7 ᠰᠠᠷ᠎ᠠ ᠶᠢᠨ 14 ᠤ ᠡᠳᠦᠷ᠂ ᠪᠣᠷᠣᠭᠠᠨ | ᠨᠡᠮᠡᠭᠳᠡᠭᠦᠯᠬᠦ ᠨᠢᠰᠬᠡᠯ ᠡᠵᠡᠨ᠎ᠡ ᠬᠤᠰᠢᠭᠤᠨ ᠤ ᠵᠡᠭᠦᠨ ᠬᠤᠶᠢᠲᠤ ᠬᠡᠰᠡᠭ᠂ ᠠᠯᠠᠱᠠ ᠪᠠᠷᠠᠭᠤᠨ ᠬᠤᠰᠢᠭᠤᠨ ᠤ ᠪᠠᠷᠠᠭᠤᠨ | ᠬᠡᠰᠡᠭ ᠪᠠ ᠬᠤᠶᠢᠲᠤ ᠬᠡᠰᠡᠭ ᠢᠶᠠᠷ ᠬᠤᠶᠠᠷ ᠤᠳᠠᠭ᠎ᠠ ᠨᠢᠰᠴᠦ᠂ ᠡᠵᠡᠨ᠎ᠡ ᠬᠤᠰᠢᠭᠤᠨ ᠳᠤ 9 ᠲᠡᠶᠢᠷᠦᠯᠲᠦ ᠰᠤᠮᠤ | ᠬᠠᠷᠪᠤᠵᠤ᠂ ᠭᠤᠶᠢᠽᠠ ᠶᠢᠨ ᠭᠤᠤᠯ ᠳᠤ 4 ᠲᠡᠶᠢᠷᠦᠯᠲᠦ ᠰᠤᠮᠤ ᠶᠢ ᠬᠠᠷᠪᠤᠪᠠ᠃ | | | |