ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠪᠠ ᠴᠢᠩᠭ᠎ᠠ ᠵᠢᠷᠤᠮᠯᠠᠯᠬᠤ | ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ᠎ᠡ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠨᠢ ᠮᠡᠷᠭᠡᠵᠢᠯ ᠤᠨ ᠱᠠᠭᠠᠷᠳᠠᠯᠭ᠎ᠠ ᠪᠠᠨ ᠦᠨᠳᠦᠰᠦᠯᠡᠨ ᠬᠠᠷᠢᠶᠠᠲᠤ ᠣᠷᠣᠨ ᠤ | ᠳᠣᠲᠣᠷᠠᠬᠢ ᠠᠮᠢ ᠠᠬᠤᠢ ᠶᠢᠨ ᠬᠠᠮᠠᠭᠠᠯᠠᠯᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠵᠡᠨ᠎ᠡ | ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠱᠤᠭᠤᠮ ᠢ ᠲᠣᠭᠲᠠᠭᠠᠬᠤ | ᠠᠵᠢᠯ ᠢ ᠡᠮᠬᠢ ᠵᠢᠷᠤᠮ ᠲᠠᠢ ᠥᠷᠨᠢᠭᠦᠯᠪᠡ᠃ | ᠡᠵᠡᠨ᠎ᠡ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠱᠤᠭᠤᠮ ᠢ | ᠲᠣᠭᠲᠠᠭᠠᠬᠤ ᠠᠵᠢᠯ ᠨᠢ ᠬᠠᠷᠢᠶ᠎ᠠ ᠣᠷᠣᠨ ᠤ 8 ᠰᠤᠮᠤ ᠪᠠᠯᠭᠠᠰᠤᠨ ᠤ 21 ᠭᠠᠴᠠᠭ᠎ᠠ ᠲᠣᠰᠬᠤᠨ ᠳᠤ | ᠬᠤᠯᠪᠣᠭᠳᠠᠵᠤ᠂ ᠨᠡᠶᠢᠲᠡ 220 ᠴᠣᠩᠬᠤ᠂ 1263 ᠬᠢᠯᠢ ᠶᠢᠨ ᠱᠣᠩ᠂ 36 ᠲᠡᠮᠳᠡᠭ ᠫᠠᠶᠢᠰᠠ ᠪᠣᠢ᠃ | ᠣᠳᠣᠬᠠᠨ ᠳᠤ᠂ ᠲᠣᠭᠤᠨᠤ᠂ ᠵᠠᠭᠠᠭ ᠤᠨ ᠪᠠᠭᠠᠨ᠎ᠠ ᠶᠢ ᠪᠤᠯᠠᠵᠤ ᠲᠠᠯᠪᠢᠬᠤ ᠶᠢ ᠨᠢᠭᠡᠨᠲᠡ ᠪᠡᠶᠡᠯᠡᠭᠦᠯᠵᠦ᠂ ᠶᠠᠭ | ᠰᠠᠶᠢᠬᠠᠨ ᠲᠡᠮᠳᠡᠭ ᠫᠠᠶᠢᠰᠠ ᠪᠤᠯᠠᠵᠤ ᠪᠠᠶᠢᠭᠤᠯᠬᠤ ᠠᠵᠢᠯ ᠢ ᠥᠷᠨᠢᠭᠦᠯᠵᠦ ᠪᠠᠶᠢᠨ᠎ᠠ᠂ ᠲᠤᠬᠠᠶᠢᠯᠠᠪᠠᠯ ᠢᠯᠡ | ᠪᠠᠶᠢᠷᠢᠨ ᠳᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠨᠡᠷᠡᠶᠢᠳᠦᠯ᠂ ᠲᠠᠯᠠᠪᠠᠶ᠂ ᠬᠡᠪᠴᠢᠶ᠎ᠡ᠂ | ᠴᠢᠳᠠᠮᠵᠢ᠂ ᠬᠢᠨᠠᠯᠲᠠ ᠬᠠᠮᠢᠶᠠᠷᠤᠯᠲᠠ ᠵᠡᠷᠭᠡ ᠦᠨᠳᠦᠰᠦᠨ ᠮᠡᠳᠡᠭᠡ ᠵᠠᠩᠭᠢ ᠶᠢ ᠪᠠᠭᠲᠠᠭᠠᠭᠰᠠᠨ ᠲᠡᠮᠳᠡᠭ ᠫᠠᠶᠢᠰᠠ | ᠭᠠᠷᠭᠠᠵᠤ᠂ ᠪᠤᠯᠠᠵᠤ ᠪᠠᠶᠢᠭᠤᠯᠬᠤ ᠠᠵᠢᠯ ᠨᠢᠭᠡᠨᠲᠡ ᠡᠴᠦᠰ ᠤᠨ ᠱᠠᠲᠤᠨ ᠳᠤ ᠣᠷᠣᠪᠠ᠃ ᠲᠠᠷᠠᠭᠠᠴᠢ ᠶᠢᠨ | ᠠᠯᠬᠤᠮ ᠳᠤ᠂ ᠡᠵᠡᠨ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠯᠠᠭᠠᠨ ᠱᠤᠭᠤᠮ ᠤᠨ | ᠤᠬᠠᠮᠰᠠᠷ ᠢ ᠪᠠᠲᠤ ᠪᠣᠶ ᠪᠣᠯᠭᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠬᠠᠶᠢᠵᠤ ᠪᠠᠷᠢᠮᠵᠢᠶ᠎ᠠ ᠲᠣᠭᠲᠠᠭᠠᠬᠤ ᠠᠵᠢᠯ ᠢ ᠤᠷᠤᠭᠰᠢᠲᠠᠶ | ᠪᠡᠶᠡᠯᠡᠭᠦᠯᠦᠨ᠎ᠡ᠃ | |