ᠣᠶᠢᠷ᠎ᠠ ᠳᠤ᠂ ᠡᠵᠡᠨ᠎ᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠮ ᠤᠨ | ᠢᠨᠵᠧᠨᠧᠷᠢᠩ ᠢ ᠶᠠᠭ ᠱᠠᠯᠠᠪᠳᠠᠨ ᠪᠠᠶᠢᠭᠤᠯᠵᠤ ᠪᠠᠶᠢᠨ᠎ᠠ᠃ ᠲᠣᠰ ᠢᠨᠵᠧᠨᠧᠷᠢᠩ ᠨᠢ ᠰᠠᠶᠢᠬᠠᠨᠲᠤᠤᠷᠠᠢ ᠰᠤᠮᠤ ᠶᠢᠨ | ᠰᠠᠶᠢᠬᠠᠨᠲᠤᠤᠷᠠᠢ ᠭᠠᠴᠠᠭ᠎ᠠ ᠳᠤ ᠪᠠᠶᠢᠷᠢᠯᠠᠵᠤ᠂ ᠠᠶᠢᠮᠠᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠭᠤᠯᠭ᠎ᠠ ᠶᠢᠨ ᠨᠢᠭᠡ ᠪᠣᠯᠤᠨ᠎ᠠ᠃ ᠲᠣᠰ ᠵᠠᠮ ᠨᠢ ᠶᠡᠭᠡ ᠲᠦᠯᠦᠪ ᠡᠮᠦᠨᠡᠰᠢ ᠤᠮᠠᠷᠠᠰᠢ ᠴᠢᠭᠯᠡᠯ ᠲᠠᠢ᠂ ᠪᠥᠲᠥᠭᠡᠨ | ᠪᠠᠶᠢᠭᠤᠯᠤᠯᠲᠠ ᠨᠢ ᠶᠡᠷᠦᠩᠬᠡᠶ ᠣᠷᠳᠣ ᠨᠢ ᠪᠠᠷᠤᠭ 40 ᠺᠢᠯᠤᠮᠧᠲᠷ᠂ ᠵᠠᠮ ᠤᠨ ᠥᠷᠭᠡᠨ ᠨᠢ 4.5 ᠮᠧᠲᠷ | ᠪᠠᠷᠤᠭᠰᠢᠨ ᠪᠧᠲ᠋ᠤᠨ ᠵᠠᠮ ᠳᠡᠪᠢᠰᠴᠦ᠂ ᠨᠡᠶᠢᠲᠡ 2150 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ | ᠲᠥᠯᠥᠪᠯᠡᠵᠦ ᠪᠣᠶ᠃ ᠡᠭᠦᠨ ᠳᠤ ᠲᠥᠪ ᠤᠨ ᠪᠡᠯᠡ ᠣᠷᠤᠭᠤᠯᠤᠯᠲᠠ ᠨᠢ 1935 ᠲᠦᠮᠡᠨ ᠲᠥᠭᠦᠷᠢᠭ᠂ | ᠥᠪᠡᠷᠲᠡᠭᠡᠨ ᠵᠠᠰᠠᠬᠤ ᠣᠷᠣᠨ ᠠᠴᠠ 107 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠬᠤᠰᠢᠭᠤᠨ ᠳᠡᠰ ᠤᠨ | ᠪᠡᠯᠡ ᠣᠷᠤᠭᠤᠯᠤᠯᠲᠠ ᠨᠢ 107 ᠲᠦᠮᠡᠨ ᠲᠥᠭᠦᠷᠢᠭ ᠬᠦᠷᠴᠡᠢ᠃ ᠲᠥᠷᠥᠯ ᠵᠦᠢᠯ ᠢ ᠡᠨᠡ ᠵᠢᠯ ᠤᠨ 5 ᠰᠠᠷ᠎ᠠ ᠶᠢᠨ | ᠡᠬᠢ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠣᠲᠣ ᠪᠣᠯᠲᠠᠯ᠎ᠠ᠂ ᠪᠠᠷᠢᠯᠭ᠎ᠠ ᠶᠢᠨ ᠶᠡᠷᠦᠩᠬᠡᠶ ᠬᠡᠮᠵᠢᠶᠡᠨ ᠤ | 23% ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ 10 ᠰᠠᠷ᠎ᠠ ᠳᠤ ᠪᠠᠶᠢᠭᠤᠯᠵᠤ ᠳᠠᠭᠤᠰᠬᠠᠬᠤ ᠪᠥᠭᠡᠳ | ᠠᠰᠢᠭᠯᠠᠯᠲᠠ ᠳᠤ ᠣᠷᠣᠭᠤᠯᠤᠨ᠎ᠠ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠡᠵᠡᠨ᠎ᠡ | ᠬᠤᠰᠢᠭᠤᠨ ᠤ ᠭᠠᠯ ᠰᠡᠷᠭᠡᠶᠢᠯᠡᠬᠦ ᠵᠠᠮ ᠤᠨ ᠨᠥᠬᠦᠴᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠳᠡᠭᠡᠭᠰᠢᠯᠡᠭᠦᠯᠵᠦ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠨᠠᠩ ᠰᠠᠶᠢᠲᠤᠷ | ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠪᠠ ᠤᠮᠠᠷᠠᠲᠤ ᠬᠢᠯᠢ ᠶᠢᠨ | ᠠᠮᠤᠷ ᠲᠣᠭᠲᠠᠭᠤᠨ ᠢ ᠪᠠᠲᠤᠯᠠᠬᠤ ᠳᠤ ᠢᠳᠡᠪᠬᠢᠲᠡᠶ ᠦᠢᠯᠡᠳᠦᠯ ᠦᠵᠡᠭᠦᠯᠬᠦ ᠶᠢᠨ ᠬᠠᠮᠲᠤ ᠪᠠᠰᠠ ᠮᠠᠯᠴᠢᠨ | ᠲᠠᠷᠢᠶᠠᠴᠢᠨ ᠤ ᠶᠠᠪᠤᠵᠤ ᠰᠠᠭᠤᠬᠤ ᠳᠤ ᠨᠠᠩ ᠲᠥᠬᠦᠮ ᠦᠵᠡᠭᠦᠯᠬᠦ ᠪᠣᠯᠤᠨ᠎ᠠ᠃ | |