ᠡᠵᠡᠨ᠎ᠡ ᠬᠤᠰᠢᠭᠤ ᠤᠰᠤᠨ ᠬᠠᠭᠠᠴᠠ ᠶᠢᠨ ᠠᠶᠤᠯ ᠢ ᠠᠷᠢᠯᠭᠠᠨ ᠪᠠᠬᠢᠯᠡᠬᠦ ᠠᠵᠢᠯ ᠢ ᠯᠠᠪᠳᠠᠭᠤᠨ ᠠᠬᠢᠭᠤᠯᠪᠠ
ᠨᠡᠶᠢᠲᠡᠯᠡᠭᠰᠡᠨ ᠴᠠᠭ᠄
2024/7/18
    ᠤᠰᠤᠨ ᠬᠠᠭᠠᠴᠠ ᠶᠢᠨ ᠠᠮᠤᠷ ᠲᠦᠪᠰᠢᠨ ᠤ ᠭᠡᠮ ᠰᠣᠭᠤᠭ ᠢ ᠤᠯᠠᠮ ᠨᠢᠭᠡ ᠠᠯᠬᠤᠮ ᠠᠷᠢᠯᠭᠠᠵᠤ᠂ ᠬᠠᠷ᠎ᠠ ᠭᠤᠣᠯ ᠤᠨ ᠠᠮᠢ ᠠᠬᠤᠢ ᠶᠢᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠢᠨᠵᠧᠨᠧᠷᠢᠩ ᠤᠨ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠶᠢᠨ ᠲᠤᠰᠠᠳᠠ᠂ ᠡᠨᠡ ᠵᠢᠯ ᠡᠵᠡᠨ᠎ᠡ ᠬᠤᠰᠢᠭᠤ ᠳᠤᠮᠳᠠ ᠬᠡᠯᠪᠡᠷᠢ ᠶᠢᠨ ᠤᠰᠤᠨ ᠬᠠᠭᠠᠴᠠ ᠶᠢ ᠪᠠᠬᠢᠵᠢᠭᠦᠯᠵᠦ᠂  ᠤᠰᠤᠨ ᠬᠠᠭᠠᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠠᠢ᠃    ᠲᠣᠰ ᠤᠳᠠᠭᠠᠨ ᠤ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠨᠤᠷᠠᠭᠠᠬᠤ ᠶᠢᠨ ᠬᠠᠮᠲᠤ ᠬᠠᠭᠠᠯᠲᠠ ᠶᠢᠨ ᠲᠤᠯᠭᠠᠭᠤᠷᠢ᠂ ᠰᠠᠭᠤᠷᠢ ᠬᠠᠪᠲᠠᠰᠤ ᠶᠢᠨ ᠳᠡᠭᠡᠷ᠎ᠡ ᠳᠣᠣᠷ᠎ᠠ ᠲᠠᠯ᠎ᠠ ᠶᠢᠨ ᠬᠡᠷᠡᠮ᠂ ᠠᠷᠢᠭᠤᠳᠬᠠᠬᠤ ᠲᠠᠲᠠᠭᠠᠯ᠂ ᠣᠭᠲᠣᠯᠣᠭᠠᠰᠤ ᠱᠤᠭᠤᠮ ᠵᠡᠷᠭᠡ ᠰᠠᠭᠤᠷᠢ ᠲᠥᠬᠦᠭᠡᠷᠦᠮᠵᠢ ᠶᠢ ᠳᠠᠬᠢᠨ ᠪᠠᠶᠢᠭᠤᠯᠬᠤ᠂ ᠬᠠᠭᠠᠴᠠ ᠶᠢᠨ ᠨᠡᠭᠡᠭᠡᠯᠭᠡ ᠶᠢᠨ ᠮᠠᠰᠢᠨ᠂ ᠴᠠᠬᠢᠯᠭᠠᠨ ᠡᠭᠦᠰᠭᠡᠭᠴᠢ ᠶᠢᠨ ᠴᠠᠬᠢᠯᠭᠠᠨ ᠤᠲᠠᠰᠤᠨ ᠤ ᠪᠠᠭᠠᠨ᠎ᠠ ᠵᠢᠴᠢ ᠬᠦᠴᠦᠳᠡᠯ ᠥᠭᠡᠷᠡᠴᠢᠯᠡᠭᠴᠢ ᠶᠢ ᠰᠣᠯᠢᠬᠤ᠂ ᠠᠦ᠋ᠲ᠋ᠣᠴᠢᠯᠠᠭᠰᠠᠨ ᠠᠯᠤᠰ ᠠᠴᠠ ᠡᠵᠡᠮᠳᠡᠬᠦ ᠰᠢᠰᠲ᠋ᠧᠮ ᠪᠠ ᠠᠮᠤᠷ ᠲᠦᠪᠰᠢᠨ ᠢ ᠬᠢᠨᠠᠨ ᠬᠡᠮᠵᠢᠬᠦ ᠲᠥᠬᠦᠭᠡᠷᠦᠮᠵᠢ ᠶᠢ ᠨᠡᠮᠡᠭᠳᠡᠭᠦᠯᠬᠦ᠂ ᠨᠡᠭᠡᠭᠡᠵᠦ ᠬᠠᠭᠠᠬᠤ ᠮᠠᠰᠢᠨ ᠤ ᠭᠡᠷ ᠢ ᠰᠢᠨ᠎ᠡ ᠪᠠᠷ ᠪᠠᠶᠢᠭᠤᠯᠬᠤ ᠪᠣᠯᠣᠨ᠎ᠠ᠃ ᠣᠳᠣᠬᠠᠨ ᠳᠤ᠂ ᠨᠢᠭᠡᠨᠲᠡ ᠬᠠᠭᠠᠴᠠ ᠶᠢᠨ ᠲᠠᠰᠤᠭ ᠤᠨ ᠰᠠᠭᠤᠷᠢ ᠶᠢ ᠪᠡᠶᠡᠯᠡᠭᠦᠯᠵᠦ᠂ ᠠᠷᠢᠭᠤᠳᠬᠠᠬᠤ ᠴᠥᠭᠦᠷᠥᠮ ᠤᠨ ᠰᠠᠭᠤᠷᠢ ᠪᠠ ᠬᠡᠷᠡᠮ ᠢ ᠬᠠᠵᠠᠭᠤ ᠲᠠᠯ᠎ᠠ ᠪᠠᠷ       ᠲᠠᠯᠪᠢᠵᠤ᠂ ᠪᠠᠷᠢᠯᠭ᠎ᠠ ᠶᠢᠨ ᠬᠡᠮᠵᠢᠶ᠎ᠡ ᠶᠢᠨ 40%᠎ ᠶᠢ ᠪᠡᠶᠡᠯᠡᠭᠦᠯᠵᠦ᠂ ᠲᠥᠯᠥᠪᠯᠡᠭᠡ ᠶᠢᠨ ᠠᠬᠢᠴᠠ ᠶᠣᠰᠣᠭᠠᠷ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠪᠠᠷᠢᠵᠤ ᠳᠠᠭᠤᠰᠬᠠᠨ᠎ᠠ᠃ ᠲᠥᠷᠥᠯ ᠵᠦᠢᠯ ᠳᠠᠭᠤᠰᠤᠭᠰᠠᠨ ᠤ ᠳᠠᠷᠠᠭ᠎ᠠ ᠤᠰᠤᠨ ᠬᠠᠭᠠᠴᠠ ᠶᠢᠨ ᠠᠮᠤᠷ ᠲᠦᠪᠰᠢᠨ ᠤ ᠳᠠᠯᠳᠠ ᠬᠡᠮ ᠢ ᠤᠯᠠᠮ ᠨᠢᠭᠡ ᠠᠯᠬᠤᠮ ᠠᠷᠢᠯᠭᠠᠵᠤ᠂ ᠦᠶᠡᠷ ᠢ ᠲᠣᠭᠲᠠᠭᠠᠨ ᠳᠠᠮᠵᠢᠭᠤᠯᠬᠤ ᠴᠢᠳᠠᠪᠤᠷᠢ ᠶᠢ ᠨᠡᠮᠡᠭᠳᠡᠭᠦᠯᠵᠦ᠂ ᠤᠰᠤᠨ ᠤ ᠬᠠᠭᠠᠴᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠮᠤᠷ ᠲᠦᠪᠰᠢᠨ ᠢᠶᠠᠷ ᠠᠵᠢᠯᠯᠠᠬᠤ ᠳᠤ ᠪᠠᠲᠤ ᠪᠠᠬᠢ ᠰᠠᠭᠤᠷᠢ ᠲᠠᠯᠪᠢᠬᠤ ᠶᠢᠨ ᠬᠠᠮᠲᠤ᠂ ᠬᠠᠷ᠎ᠠ ᠭᠤᠤᠯ ᠤᠨ ᠠᠮᠢ ᠠᠬᠤᠶ ᠶᠢᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠢᠨᠵᠧᠨᠧᠷᠢᠩ ᠤᠨ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠪᠠ ᠠᠮᠢ ᠠᠬᠤᠶ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号