ᠮᠠᠨ ᠤ ᠬᠤᠰᠢᠭᠤ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/18
    ᠣᠶᠢᠷ᠎ᠠ ᠶᠢᠨ ᠡᠳᠦᠷ ᠤᠳ ᠲᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠥᠷᠨᠢᠬᠦᠯᠵᠦ᠂ ᠥᠨᠳᠥᠷ ᠬᠠᠯᠠᠭᠤᠨ ᠳᠤ ᠬᠠᠳᠠᠭᠤᠵᠢᠯᠲᠠᠢ ᠠᠵᠢᠯᠯᠠᠵᠤ ᠪᠠᠶᠢᠭ᠎ᠠ ᠬᠥᠮᠦᠰ ᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦ᠋ ᠶᠦᠩ ᠭᠠᠩ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃    ᠲᠣᠰ ᠤᠳᠠᠭᠠᠨ ᠤ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠠᠵᠢᠯᠯᠠᠭ᠎ᠠ ᠨᠢ ᠭᠤᠤᠯᠳᠠᠭᠤ ᠵᠣᠨ ᠤ ᠬᠠᠯᠠᠭᠤᠨ ᠳᠤ ᠬᠠᠳᠠᠭᠤᠵᠢᠯᠲᠠᠢ ᠠᠵᠢᠯᠯᠠᠵᠤ ᠪᠠᠶᠢᠭ᠎ᠠ ᠪᠠᠷᠠᠭᠠᠨ ᠤ ᠭᠦᠢᠯᠭᠡᠭᠡ᠂ ᠪᠠᠷᠢᠯᠭ᠎ᠠ ᠂ ᠣᠷᠴᠢᠨ ᠲᠣᠭᠤᠷᠢᠨ ᠤ ᠬᠠᠮᠠᠭᠠᠯᠠᠯᠲᠠ᠂ ᠨᠣᠭᠤᠭᠠᠷᠠᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠪᠣᠯᠤᠨ ᠪᠠᠷᠠᠭᠠᠨ ᠤ ᠲᠡᠷᠭᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠲᠡᠷᠭᠡᠨ ᠵᠢᠯᠣᠭᠤᠴᠢ᠂ ᠲᠦᠷᠭᠡᠨ ᠬᠦᠷᠭᠡᠭᠴᠢ᠂ ᠵᠠᠬᠢᠶᠠᠯᠠᠭ᠎ᠠ ᠬᠦᠷᠭᠡᠭᠴᠢ ᠵᠡᠷᠭᠡ ᠰᠢᠨ᠎ᠡ ᠪᠠᠷ ᠠᠵᠢᠯ ᠣᠯᠵᠤ ᠪᠠᠶᠢᠭ᠎ᠠ ᠬᠥᠳᠡᠯᠮᠦᠷᠢᠴᠢᠳ ᠤᠨ ᠭᠤᠤᠯᠳᠠᠯᠭ᠎ᠠ ᠲᠠᠢ ᠬᠥᠮᠦᠰ ᠲᠤ ᠣᠯᠠᠨ ᠳᠦᠷᠦᠯ ᠤᠨ ᠨᠠᠷᠠᠰᠢᠬᠤ ᠠᠴᠠ ᠰᠡᠷᠬᠡᠶᠢᠯᠡᠬᠦ ᠳᠤᠬᠤᠨᠢᠭᠤᠯᠭ᠎ᠠ ᠶᠢᠨ ᠪᠣᠳᠠᠰ ᠬᠦᠷᠭᠡᠭᠰᠡᠨ ᠪᠥᠭᠡᠳ ᠳᠡᠳᠡᠨᠡᠷ ᠢ ᠡᠨᠠᠬᠦ ᠥᠨᠳᠤᠷ ᠬᠠᠯᠠᠭᠤᠨ ᠠᠭᠤᠷ ᠠᠮᠢᠰᠬᠤᠯ ᠳᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠᠨ ᠢᠯᠡᠬᠦᠭᠡᠨ ᠠᠩᠬᠠᠷᠬᠤ ᠶᠢ ᠰᠠᠨᠠᠭᠤᠯᠣᠭᠰᠠᠨ ᠪᠠᠶᠢᠨ᠎ᠠ᠃    ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠳᠠᠷᠢᠬᠦᠯᠡᠭᠴᠢ ᠯᠢᠦ ᠵᠢᠶᠦ᠋ᠨ᠄ ︽ᠵᠣᠨ ᠤ ᠣᠯᠠᠷᠢᠯ ᠤᠨ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠠᠵᠢᠯᠯᠠᠭ᠎ᠠ ᠪᠣᠯ ᠠᠵᠢᠯᠴᠢᠨ ᠤ ᠶᠡᠷᠦᠩᠬᠡᠢ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠠᠵᠢᠯᠲᠠᠨ ᠠᠵᠢᠯᠴᠢᠨ ᠳᠤ ᠦᠢᠯᠡᠴᠢᠯᠡᠵᠦ᠂ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠴᠢᠬᠤᠯᠠ ᠠᠭᠤᠯᠭ᠎ᠠ ᠮᠥᠨ᠂ ᠪᠠᠰᠠ ᠴᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠠᠮᠢᠳᠤᠷᠠᠯ ᠢ ᠠᠩᠬᠠᠷᠬᠤ᠂ ᠠᠮᠤᠷ ᠲᠦᠪᠰᠢᠨ ᠢᠶᠠᠷ ᠬᠥᠭᠵᠢᠭᠦᠯᠬᠦ ᠶᠢᠨ ᠴᠢᠬᠤᠯᠠ ᠢᠯᠡᠷᠡᠯ ᠪᠣᠯᠬᠤ ᠪᠠᠷ ᠪᠠᠷᠠᠬᠤ ᠦᠬᠡᠢ ᠨᠠᠮ ᠪᠠ ᠵᠠᠰᠠᠭ ᠤᠨ ᠣᠷᠳᠣᠨ ᠵᠢᠴᠢ ᠠᠵᠢᠯᠴᠢᠨ ᠤ ᠶᠡᠷᠦᠩᠬᠡᠢ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠥᠷᠭᠡᠨ ᠣᠯᠠᠨ ᠠᠵᠢᠯᠲᠠᠨ ᠠᠵᠢᠯᠴᠢᠨ ᠤ ᠰᠡᠳᠬᠢᠯ ᠳᠤ ᠬᠦᠷᠭᠡᠬᠦ ᠨᠢᠭᠡᠨ ᠬᠠᠯᠠᠮᠰᠤᠭ ᠠᠵᠢᠯᠯᠠᠭ᠎ᠠ ᠪᠣᠯᠣᠨ᠎ᠠ︾ ᠭᠡᠪᠡ᠃    ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠪᠣᠳᠠᠰ ᠬᠦᠷᠭᠡᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠪᠣᠯᠪᠠᠰᠤᠷᠠᠯ ᠬᠦᠷᠭᠡᠬᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ᠂ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ ᠵᠡᠷᠭᠡ ᠤᠯᠠᠨ ᠳᠦᠷᠦᠯ ᠤᠨ ᠠᠭᠤᠯᠭ᠎ᠠ ᠲᠠᠢ ᠲᠤᠬᠤᠨᠢᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠲᠡ 10.5 ᠲᠦᠮᠡ ᠭᠠᠷᠤᠶ ᠲᠥᠭᠦᠷᠢᠭ ᠤᠨ ᠪᠠᠯᠠ ᠮᠥᠩᠭᠦ ᠶᠢ ᠵᠠᠷᠣᠴᠠᠭᠤᠯᠣᠨ᠂ 1149 ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ ᠠᠵᠢᠯᠲᠠᠨ ᠠᠵᠢᠯᠴᠢᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠥᠨᠡᠨᠬᠦ ᠨᠡᠮᠡᠭᠳᠡᠭᠦᠯᠪᠡ᠃    ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶᠠᠨ ᠤ ᠣᠯᠣᠰ ᠳᠦᠷᠦ ᠶᠢᠨ ᠭᠡᠰᠢᠬᠦᠨ ᠰᠦᠨ ᠱᠠᠨ       ᠴᠢᠨ᠄ ︽ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠮᠠᠨ ᠤ ᠥᠷᠭᠡᠨ ᠣᠯᠠᠨ ᠠᠷᠠᠳ ᠤᠨ ᠴᠠᠭᠳᠠᠭ᠎ᠠ ᠪᠣᠯᠤᠨ ᠲᠤᠰᠠᠯᠠᠬᠤ ᠴᠠᠭᠳᠠᠭ᠎ᠠ ᠳᠤ ᠡᠨᠡ ᠬᠦ ᠨᠠᠷᠠᠰᠢᠬᠤ ᠠᠴᠠ ᠰᠡᠷᠬᠡᠶᠢᠯᠡᠬᠦ ᠳᠣᠬᠤᠨᠢᠭᠤᠯᠭ᠎ᠠ ᠶᠢᠨ ᠪᠣᠳᠠᠰ ᠢ ᠬᠦᠷᠭᠡᠵᠦ᠂ ᠪᠢᠳᠠᠨᠠᠷ ᠤᠨ ᠰᠡᠳᠬᠢᠯ ᠢ ᠳᠤᠯᠠᠭᠠᠴᠠᠭᠤᠯᠤᠭᠰᠠᠨ ᠮᠥᠷᠲᠡᠭᠡᠨ ᠪᠠᠰᠠ ᠪᠢᠳᠡᠨ ᠤ ᠡᠨᠡ ᠬᠦ ᠠᠭᠠᠭᠢᠮ᠎ᠠ ᠬᠠᠯᠠᠭᠤᠨ ᠢ ᠳᠡᠮᠡᠴᠡᠨ ᠳᠠᠪᠠᠭ᠋ᠤ ᠵᠣᠷᠢᠭ ᠢ ᠶᠡᠬᠡᠪᠡᠷ ᠬᠥᠭᠵᠢᠭᠡᠭᠰᠡᠨ ᠪᠠᠶᠢᠨ᠎ᠠ᠃ ᠪᠢᠳᠠ ᠥᠨᠡᠭᠡᠷ ᠪᠠᠶᠠᠷᠯᠠᠨ ᠲᠠᠯᠠᠷᠬᠠᠵᠤ ᠪᠠᠶᠢᠨ᠎ᠠ᠂ ᠬᠤᠶᠢᠰᠢᠳᠠ ᠮᠥᠨᠬᠦ ᠠᠳᠠᠯᠢ ᠪᠠᠷ ᠬᠤᠪᠢᠳᠠᠭᠰᠠᠨ ᠠᠵᠢᠯ ᠳᠦᠷᠦᠯ ᠢᠶᠠᠨ ᠨᠠᠩ ᠰᠠᠶᠢᠳᠤᠷ ᠪᠠᠶᠠᠯᠡᠬᠦᠯᠦᠨ᠎ᠡ︾ ᠭᠡᠪᠡ᠃    ᠬᠤᠲᠠ ᠶᠢᠨ ᠨᠣᠭᠤᠭᠠᠷᠠᠭᠤᠯᠣᠯᠳᠠ ᠶᠢᠨ ᠠᠵᠢᠯᠳᠠᠨ ᠸᠠᠩ ᠯᠢ ᠾᠦᠢ᠄ ︽ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠯᠠᠮᠵᠢ ᠳᠤ ᠥᠨᠡᠭᠡᠷ ᠪᠠᠶᠠᠷᠯᠠᠨ ᠲᠠᠯᠠᠷᠬᠠᠵᠤ ᠪᠠᠶᠢᠨ᠎ᠠ᠂ ᠪᠢᠳᠡ ᠬᠤᠶᠢᠰᠢᠳᠠ ᠨᠣᠭᠤᠭᠠᠷᠠᠭᠤᠯᠤᠯᠲᠠ ᠶᠢᠨ ᠠᠵᠢᠯ ᠎ ᠢᠶᠠᠨ ᠤᠯᠠᠮ ᠰᠠᠶᠢᠨ ᠬᠢᠵᠦ᠂ ᠡᠵᠡᠨ᠎ᠡ ᠬᠤᠰᠢᠭᠤ ᠪᠠᠨ ᠨᠠᠩ ᠨᠣᠭᠤᠭᠠᠨ᠂ ᠨᠠᠩ ᠦᠵᠡᠰᠬᠦᠯᠡᠩᠲᠦ ᠰᠠᠶᠢᠬᠠᠨ ᠪᠣᠯᠭᠠᠬᠤ ᠪᠠᠷ ᠴᠢᠷᠮᠠᠶᠢᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号