ᠡᠵᠡᠨ᠎ᠡ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠳᠤ ᠲᠣᠣᠷᠠᠢ ᠶᠢᠨ ᠦᠷ᠎ᠡ ᠲᠡᠭᠦᠬᠦ ᠵᠢᠴᠢ ᠬᠠᠳᠠᠭᠠᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/7/18
     ᠣᠶᠢᠷ᠎ᠠ ᠶᠢᠨ ᠡᠳᠦᠷ᠂ ᠡᠵᠡᠨ᠎ᠡ ᠬᠤᠰᠢᠭᠤᠨ ᠤ ᠤᠯᠤᠰ ᠤᠨ ᠥᠮᠴᠢᠯᠠᠯᠳᠣ ᠤᠢ ᠰᠢᠭᠤᠢ ᠶᠢᠨ ᠲᠠᠯᠠᠪᠠᠢ ᠶᠢᠨ ᠠᠵᠢᠯᠳᠠᠳ ᠦᠳᠲᠡᠷ ᠲᠦᠷᠭᠡᠨ ᠬᠥᠳᠡᠯᠦᠯᠴᠡᠵᠦ᠂ ᠴᠠᠭ ᠢ ᠠᠮᠵᠢᠨ ᠲᠣᠣᠷᠠᠢ ᠶᠢᠨ ᠦᠷ᠎ᠡ ᠶᠢ ᠲᠡᠭᠦᠵᠦ ᠬᠠᠳᠠᠭᠠᠯᠠᠬᠤ ᠠᠵᠢᠯ ᠢᠶᠠᠨ ᠶᠠᠪᠤᠭᠳᠠᠭᠤᠯᠤᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠲᠤᠤᠷᠠᠶ ᠶᠢᠨ ᠦᠷ᠎ᠡ ᠪᠣᠯᠪᠠᠰᠣᠷᠠᠬᠤ ᠬᠤᠭᠤᠴᠠᠭ᠎ᠠ ᠨᠢ ᠶᠡᠷᠦ ᠳᠤ ᠪᠠᠨ 7 ᠳ᠋ᠤᠭᠠᠷ ᠰᠠᠷ᠎ᠠ ᠠᠴᠠ 8 ᠳ᠋ᠤᠭᠠᠷ ᠰᠠᠷ᠎ᠠ ᠶᠢᠨ ᠬᠤᠭᠤᠷᠣᠨᠳᠣ ᠪᠠᠶᠢᠵᠤ᠂ ᠪᠣᠯᠪᠠᠰᠤᠷᠠᠩᠭᠤᠶ ᠦᠷ᠎ᠡ ᠨᠢ 3-5 ᠡᠳᠦᠷ ᠲᠤ ᠬᠡᠶᠢᠰᠦᠨ ᠣᠨᠠᠳᠠᠭ᠃ ᠬᠠᠯᠢᠰᠤᠨ ᠳᠣᠲᠣᠷᠠᠬᠢ ᠮᠥᠬᠦᠯᠢᠭ ᠨᠢ ᠬᠦᠷᠡᠩ ᠰᠢᠷ᠎ᠠ ᠥᠩᠭᠡᠲᠡᠢ ᠪᠣᠯᠬᠤ ᠳᠤ ᠠᠰᠢᠭᠲᠠᠶ ᠴᠠᠭ ᠲᠣᠬᠢᠶᠠᠯ ᠢ ᠠᠮᠵᠢᠨ ᠲᠡᠭᠦᠵᠦ ᠬᠤᠷᠢᠶᠠᠳᠠᠭ ᠪᠠᠶᠢᠨ᠎ᠠ᠃ ᠲᠡᠭᠦᠵᠦ ᠬᠤᠷᠢᠶᠠᠭᠰᠠᠨ ᠤ ᠳᠠᠷᠠᠭ᠎ᠠ᠂ ᠮᠡᠷᠭᠡᠵᠢᠯ ᠤᠨ ᠠᠵᠢᠯᠲᠠᠳ ᠠᠴᠠ 2 - 3 ᠤᠳᠠᠭ᠎ᠠ ᠰᠢᠭᠰᠢᠨ ᠰᠣᠩᠭᠤᠵᠣ᠂ ᠴᠤᠭᠯᠠᠭᠤᠯᠤᠭᠰᠠᠨ ᠦᠷ᠎ᠡ ᠪᠠᠨ ᠰᠠᠯᠬᠢ ᠨᠡᠪᠲᠡᠷᠡᠬᠦ ᠰᠡᠷᠢᠬᠦᠨ ᠭᠠᠵᠠᠷ ᠲᠤ ᠳᠡᠯᠭᠡᠨ ᠡᠭᠡᠭᠡᠵᠦ᠂ ᠡᠳᠦᠷ ᠪᠦᠷᠢ ᠣᠷᠪᠠᠭᠤᠯᠤᠨ᠂ ᠢᠯᠵᠢᠷᠡᠬᠦ ᠠᠴᠠ ᠰᠡᠷᠭᠡᠶᠢᠯᠡᠵᠦ᠂ ᠦᠷ᠎ᠡ ᠬᠠᠲᠠᠪᠠᠯ ᠤᠩᠭᠢᠷᠠᠯᠲᠠ ᠶᠢ ᠲᠠᠶᠢᠯᠬᠤ᠂ ᠦᠷ᠎ᠡ ᠴᠡᠪᠡᠷᠯᠡᠬᠦ ᠵᠡᠷᠭᠡ ᠶᠠᠪᠤᠴᠠ ᠲᠠᠮᠵᠢᠨ ᠰᠠᠪᠠᠯᠠᠵᠤ᠂ ᠬᠥᠯᠳᠡᠭᠡᠭᠦᠷ ᠤᠨ ᠳᠣᠤᠷ᠎ᠠ ᠳᠤᠯᠠᠭᠠᠨ ᠤ ᠨᠥᠬᠦᠴᠡᠯ ᠳᠤ ᠬᠠᠳᠠᠭᠠᠯᠠᠳᠠᠭ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号