ᠦᠰᠦᠭ ᠪᠢᠴᠢᠭ ᠢᠶᠠᠷ ᠦᠭᠦᠯᠡᠬᠦᠢ᠄ ᠡᠵᠡᠨ᠎ᠡ ᠬᠤᠰᠢᠭᠤᠨ ᠤ ᠬᠢᠯᠢ ᠬᠠᠮᠠᠭᠠᠯᠠᠭᠴᠢ ᠶᠢᠨ ᠬᠢᠨᠠᠨ ᠰᠢᠯᠭᠠᠬᠤ ᠠᠷᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/2
    ᠣᠯᠠᠨ ᠲᠦᠮᠡᠨ ᠤ ᠬᠠᠮᠠᠭᠠᠯᠠᠯᠲᠠ ᠶᠢᠨ ᠡᠩᠨᠡᠭᠡ ᠶᠢᠨ ᠬᠢᠯᠢ ᠰᠠᠬᠢᠵᠤ ᠬᠠᠮᠠᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠯᠢ ᠬᠠᠮᠠᠭᠠᠯᠠᠬᠤ ᠠᠵᠢᠯᠲᠠᠨ ᠤ ᠠᠵᠢᠯ ᠤᠨ ᠢᠳᠡᠪᠬᠢᠵᠢᠯ ᠢ ᠪᠦᠲᠦᠮᠵᠢᠲᠡᠢ ᠳᠠᠢᠴᠢᠯᠠᠬᠤ ᠶᠢᠨ ᠲᠤᠰᠠᠳᠠ᠂ ︽ᠰᠢᠨ᠎ᠡ ᠴᠠᠭ ᠦᠶ᠎ᠡ ᠳᠤ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠦᠴᠦᠨ ᠢ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠪᠠᠬᠢᠵᠢᠭᠦᠯᠵᠦ ᠬᠠᠮᠠᠭᠠᠯᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ︵2018︶ 14 ᠳ᠋ᠦ᠋ᠭᠡᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠠᠮᠠᠭᠠᠯᠠᠭᠴᠢ ᠠᠵᠢᠯᠲᠠᠨ ᠤ ᠠᠮᠵᠢᠯᠲᠠ  ᠪᠦᠲᠦᠮᠵᠢ ᠶᠢ ᠰᠢᠯᠭᠠᠨ ᠬᠢᠨᠠᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ ︵2023︶ 4 ᠳ᠋ᠦ᠋ᠭᠡᠷ ᠲᠣᠭᠠᠲᠤ︶᠎ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠵᠡᠨ᠎ᠡ ᠬᠤᠰᠢᠭᠤᠨ ᠤ ᠬᠢᠯᠢ ᠬᠠᠮᠠᠭᠠᠯᠠᠬᠤ ᠠᠵᠢᠯᠲᠠᠨ ᠤ ᠡᠩᠨᠡᠭᠡ ᠶᠢ ᠰᠢᠯᠢᠨ ᠰᠣᠩᠭᠤᠬᠤ᠂ ᠪᠤᠴᠠᠭᠠᠨ ᠭᠠᠷᠭᠠᠬᠤ᠂ ᠬᠠᠮᠢᠶᠠᠷᠬᠤ ᠪᠠ ᠬᠡᠷᠡᠭᠯᠡᠬᠦ ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃    ᠨᠢᠭᠡ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ    ︵ᠨᠢᠭᠡ︶ ᠬᠠᠮᠢᠶᠠᠷᠤᠯᠲᠠ ᠶᠢᠨ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠬᠢᠯᠢ ᠶᠢᠨ ᠬᠠᠮᠠᠭᠠᠯᠠᠭᠴᠢ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠠᠵᠢᠯ ᠢ ᠬᠢᠯᠢ ᠶᠢᠨ ᠰᠤᠮᠤ ︵ᠪᠠᠯᠭᠠᠰᠤ︶᠎ ᠶᠢᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠵᠦ᠂ ᠬᠢᠯᠢ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠵᠡᠷᠭᠡ ᠨᠢᠭᠡᠴᠡ ᠠᠴᠠ ᠪᠣᠳᠠᠲᠠᠶ ᠬᠠᠮᠢᠶᠠᠷᠤᠨ ᠲᠣᠬᠢᠷᠠᠭᠤᠯᠬᠤ ᠬᠡᠷᠡᠭᠲᠡᠶ᠃ ᠬᠢᠯᠢ ᠶᠢᠨ ᠬᠠᠮᠠᠭᠠᠯᠠᠭᠴᠢᠳ ᠬᠤᠯᠪᠣᠭᠠᠯᠠᠨ ᠰᠡᠷᠭᠡᠶᠢᠯᠡᠵᠦ ᠬᠠᠮᠢᠶᠠᠷᠬᠤ ᠠᠵᠢᠯᠯᠠᠭ᠎ᠠ ᠳᠤ ᠤᠷᠤᠯᠴᠠᠬᠤ ᠳᠤ᠂ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠠᠴᠠ ᠨᠢᠭᠡᠳᠦᠯᠲᠡᠶ ᠲᠥᠯᠥᠪᠯᠡᠵᠦ᠂ ᠭᠤᠤᠯ ᠡᠭᠦᠷᠭᠡ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠪᠠ ᠨᠢᠭᠡᠴᠡ ᠪᠣᠳᠠᠲᠠᠶ ᠵᠣᠬᠢᠶᠠᠨ ᠪᠠᠶᠢᠭᠤᠯᠤᠨ᠎ᠠ᠃ ᠬᠢᠯᠢ ᠶᠢᠨ ᠬᠠᠮᠠᠭᠠᠯᠠᠭᠴᠢ ᠶᠢᠨ ᠡᠳ᠋ ᠪᠣᠳᠠᠰ ᠵᠢᠴᠢ ᠠᠵᠢᠯ ᠤᠨ ᠡᠭᠦᠷᠭᠡ ᠳᠠᠬᠢ ᠬᠡᠷᠡᠭᠴᠡᠭᠡ ᠶᠢ ᠬᠢᠯᠢ ᠶᠢᠨ ᠬᠠᠮᠠᠭᠠᠯᠠᠯᠲᠠ ᠶᠢᠨ ᠠᠯᠪᠠᠨ ᠭᠡᠷ ᠠᠴᠠ ᠨᠢᠭᠡᠳᠦᠯᠲᠡᠶ ᠲᠥᠯᠥᠪᠵᠢᠭᠦᠯᠦᠨ ᠰᠠᠭᠤᠷᠢ ᠪᠠᠲᠤᠯᠠᠭ᠎ᠠ ᠣᠯᠭᠤᠬᠤ ᠬᠡᠷᠡᠭᠲᠡᠶ᠃ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠬᠢᠯᠢ ᠶᠢᠨ ᠬᠠᠮᠠᠭᠠᠯᠠᠯᠲᠠ ᠶᠢᠨ ᠠᠯᠪᠠᠨ ᠭᠡᠷ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ︵ᠡᠯ᠎ᠡ ᠲᠣᠮᠢᠯᠠᠭᠰᠠᠨ ᠰᠠᠯᠪᠤᠷᠢ︶᠂ ᠬᠢᠯᠢ ᠶᠢᠨ ᠰᠤᠮᠤ ︵ᠪᠠᠯᠭᠠᠰᠤ︶ ᠰᠢᠯᠭᠠᠨ ᠬᠢᠨᠠᠬᠤ ᠳᠤᠭᠤᠶᠢᠯᠠᠩ ᠪᠠᠶᠢᠭᠤᠯᠵᠤ᠂ ᠬᠢᠯᠢ ᠬᠢᠵᠠᠭᠠᠷ ᠢ ᠬᠠᠮᠠᠭᠠᠯᠠᠬᠤ ᠠᠵᠢᠯᠲᠠᠨ ᠲᠣᠮᠢᠯᠠᠵᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠨ ᠲᠣᠮᠢᠯᠠᠵᠤ ᠪᠦᠬᠦ ᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠵᠢᠯ ᠢ ᠬᠠᠮᠲᠤᠷᠠᠨ ᠥᠷᠨᠢᠭᠦᠯᠬᠦ ᠬᠡᠷᠡᠭᠲᠡᠶ᠃ ᠭᠤᠤᠯᠳᠠᠭᠤ ᠬᠢᠯᠢ ᠶᠢᠨ ᠬᠠᠮᠠᠭᠠᠯᠠᠭᠴᠢ ᠶᠢᠨ ᠡᠳᠦᠷ ᠲᠤᠲᠤᠮ ᠤᠨ ᠬᠢᠯᠢ ᠶᠢᠨ ᠲᠣᠭᠤᠷᠢᠨ ᠪᠠᠶᠢᠴᠠᠭᠠᠯᠲᠠ᠂ ᠬᠢᠯᠢ ᠶᠢᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ᠂ ᠪᠣᠯᠪᠠᠰᠤᠷᠠᠭᠤᠯᠤᠯ ᠤᠬᠠᠭᠤᠯᠭ᠎ᠠ ᠳᠤ ᠣᠷᠣᠯᠴᠠᠬᠤ᠂ ᠬᠢᠯᠢ ᠶᠢᠨ ᠬᠠᠮᠠᠭᠠᠯᠠᠯᠲᠠ ᠶᠢᠨ ᠦᠶ᠋ᠯᠡᠴᠢᠯᠡᠭᠡᠨ ᠳᠤ ᠣᠷᠣᠯᠴᠠᠬᠤ᠂ ᠬᠢᠯᠢ ᠶᠢᠨ ᠬᠠᠮᠢᠶᠠᠷᠤᠯᠲᠠ ᠳᠤ ᠬᠠᠮᠵᠢᠯᠴᠠᠬᠤ ᠵᠡᠷᠭᠡ ᠠᠵᠢᠯ ᠢ ᠬᠡᠮᠵᠢᠶᠡᠵᠢᠭᠦᠯᠵᠦ᠂ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠬᠡᠪᠴᠢᠶ᠎ᠡ ᠶᠢ ᠬᠢᠯᠢ ᠶᠢᠨ ᠬᠠᠮᠠᠭᠠᠯᠠᠭᠴᠢ ᠶᠢᠨ ᠡᠩᠨᠡᠭᠡ ᠶᠢᠨ ᠬᠠᠮᠢᠶᠠᠷᠤᠯᠲᠠ ᠶᠢᠨ ᠪᠥᠬᠦ ᠶᠠᠪᠤᠴᠠ ᠳᠤ ᠬᠦᠷᠲᠡᠯ᠎ᠡ ᠤᠷᠲᠤᠳᠬᠠᠪᠠ᠃    ︵ᠬᠤᠶᠠᠷ︶ ᠠᠵᠢᠯ ᠤᠨ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠬᠢᠯᠢ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠵᠡᠷᠭᠡ ᠨᠢᠭᠡᠴᠡ ᠨᠦᠭᠦᠳ ᠲᠣᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠯᠢ ᠶᠢᠨ ᠬᠠᠮᠠᠭᠠᠯᠠᠯᠲᠠ ᠶᠢᠨ ᠠᠵᠢᠯᠲᠠᠨ ᠤ ᠠᠵᠢᠯ ᠳᠤ ᠬᠠᠷᠠᠯᠲᠠᠲᠤ ᠲᠥᠯᠥᠪᠯᠡᠭᠡ ᠬᠢᠨ᠎ᠡ᠃ ᠣᠨᠴᠠᠭᠠᠶ ᠴᠠᠭ᠂ ᠴᠢᠬᠤᠯᠠ ᠴᠠᠭ ᠬᠤᠭᠤᠴᠠᠭ᠎ᠠ ᠪᠠ ᠴᠢᠬᠤᠯᠠ ᠶᠡᠭᠡ ᠬᠤᠷᠠᠯ ᠤᠨ ᠠᠵᠢᠯᠯᠠᠭ᠎ᠠ ᠶᠢᠨ ᠬᠤᠯᠪᠣᠭᠠᠯᠠᠨ ᠰᠡᠷᠭᠡᠶᠢᠯᠡᠵᠦ ᠬᠠᠮᠢᠶᠠᠷᠬᠤ ᠠᠵᠢᠯᠯᠠᠭ᠎ᠠ ᠶᠢᠨ ᠭᠤᠣᠯ ᠡᠭᠦᠷᠭᠡ ᠶᠢ ᠡᠭᠦᠷᠭᠡᠯᠡᠭᠰᠡᠨ ᠰᠠᠯᠠᠭ᠎ᠠ ᠮᠥᠴᠢᠷ ᠪᠠ ᠨᠢᠭᠡᠴᠡ ᠠᠴᠠ ᠲᠦᠷᠦᠭᠦᠯᠡᠵᠦ᠂ ᠬᠠᠮᠲᠤᠷᠠᠭᠰᠠᠨ ᠠᠵᠢᠯᠯᠠᠭ᠎ᠠ ᠶᠢᠨ ᠲᠥᠰᠦᠯ ᠢ       ᠲᠣᠭᠲᠠᠭᠠᠨ᠎ᠠ᠃    ︵ᠭᠤᠷᠪᠠ︶ ᠡᠳᠦᠷ ᠲᠤᠲᠤᠮ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ ᠰᠣᠯᠢᠯᠴᠠᠬᠤ ᠬᠡᠷᠡᠭᠲᠡᠶ᠃ ᠬᠢᠯᠢ ᠶᠢᠨ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠨᠢᠭᠡᠴᠡ ᠲᠤᠰᠬᠠᠶ ᠬᠥᠮᠦᠨ ᠲᠣᠬᠢᠷᠠᠭᠤᠯᠤᠨ ᠬᠢᠯᠢ ᠶᠢᠨ ᠬᠠᠮᠠᠭᠠᠯᠠᠭᠴᠢ ᠶᠢᠨ ᠠᠵᠢᠯ ᠢ ᠪᠣᠳᠠᠲᠠᠶ ᠬᠠᠷᠢᠭᠤᠴᠠᠭᠤᠯᠵᠤ᠂ ᠳ᠋ᠢᠶᠠᠩᠬᠤᠸᠠ᠂ ᠰᠦᠯᠵᠢᠶ᠎ᠡ᠂ ᠠᠭᠤᠯᠵᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠢᠯᠢ ᠶᠢᠨ ᠬᠠᠮᠠᠭᠠᠯᠠᠭᠴᠢ ᠲᠠᠢ ᠬᠠᠷᠢᠯᠴᠠᠵᠤ᠂ ᠬᠠᠷᠢᠶ᠎ᠠ ᠬᠢᠯᠢ ᠶᠢᠨ ᠬᠠᠮᠠᠭᠠᠯᠠᠭᠴᠢ ᠶᠢᠨ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠪᠥᠬᠦ ᠲᠠᠯ᠎ᠠ ᠪᠠᠷ ᠡᠵᠡᠮᠰᠢᠨ᠂ ᠠᠰᠠᠭᠤᠳᠠᠯ ᠢ ᠠᠷᠭᠠᠴᠠᠬᠤ ᠪᠣᠳᠣᠯᠭ᠎ᠠ ᠲᠣᠭᠲᠠᠭᠠᠵᠤ᠂ ᠬᠢᠯᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠷᠡᠭᠲᠡᠶ᠃ ᠬᠠᠮᠢᠶᠠᠷᠤᠯᠲᠠ ᠶᠢᠨ ᠨᠢᠭᠡᠴᠡ ᠨᠢ ᠤᠯᠠᠷᠢᠯ ᠪᠦᠷᠢ ᠬᠢᠯᠢ ᠶᠢᠨ ᠬᠠᠮᠠᠭᠠᠯᠠᠭᠴᠢ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠤᠯᠠᠷᠢᠯ ᠪᠦᠷᠢ ᠳᠤᠷᠠᠳᠤᠭᠰᠠᠨ ᠮᠡᠳᠡᠭᠡ ᠵᠠᠩᠭᠢ ᠶᠢᠨ ᠪᠠᠶᠢᠳᠠᠯ ᠢ ᠬᠤᠷᠠᠮᠳᠤᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠠᠷᠭᠠᠴᠠᠬᠤ ᠪᠣᠳᠣᠯᠭ᠎ᠠ ᠶᠢ ᠰᠤᠳᠤᠯᠵᠤ᠂ ᠳᠠᠷᠠᠭ᠎ᠠ ᠤᠯᠠᠷᠢᠯ ᠤᠨ ᠠᠵᠢᠯ ᠢ ᠪᠠᠶᠢᠷᠢᠯᠠᠭᠤᠯᠤᠨ᠎ᠠ᠃    ᠬᠤᠶᠠᠷ᠂ ᠰᠢᠯᠭᠠᠨ ᠦᠨᠡᠯᠡᠬᠦ ᠠᠷᠭ᠎ᠠ ᠮᠠᠶᠢᠭ    ᠬᠢᠯᠢ ᠶᠢᠨ ᠬᠠᠮᠠᠭᠠᠯᠠᠭᠴᠢ ᠶᠢᠨ ᠠᠮᠵᠢᠯᠲᠠ ᠪᠦᠲᠦᠮᠵᠢ ᠶᠢ ᠰᠢᠯᠭᠠᠨ ᠲᠣᠭᠲᠠᠭᠠᠬᠤ ᠳᠤ ᠬᠠᠮᠢᠶᠠᠷᠤᠯᠲᠠ ᠶᠢᠨ ᠨᠢᠭᠡᠴᠡ ᠲᠤᠰ ᠰᠢᠰᠲ᠋ᠧᠮ ᠤᠨ ᠬᠢᠯᠢ ᠶᠢᠨ ᠬᠠᠮᠠᠭᠠᠯᠠᠭᠴᠢ ᠶᠢᠨ ᠡᠳᠦᠷ ᠲᠤᠲᠤᠮ ᠤᠨ ᠰᠢᠯᠭᠠᠨ ᠦᠨᠡᠯᠡᠬᠦ ᠪᠠ ᠪᠦᠬᠦ ᠵᠢᠯ ᠤᠨ ᠦᠨᠡᠯᠡᠨ ᠲᠣᠭᠲᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠢᠯᠢ ᠶᠢᠨ ᠬᠠᠮᠠᠭᠠᠯᠠᠭᠴᠢ ᠶᠢᠨ ᠠᠮᠵᠢᠯᠲᠠ ᠪᠦᠲᠦᠮᠵᠢ ᠶᠢ ᠬᠡᠮᠵᠢᠶᠡᠵᠢᠭᠦᠯᠬᠦ ᠶᠢ ᠥᠷᠨᠢᠭᠦᠯᠬᠦ ᠬᠡᠷᠡᠭᠲᠡᠶ᠃    ︵ᠨᠢᠭᠡ︶ ᠡᠳᠦᠷ ᠲᠤᠳᠤᠮ ᠤᠨ ᠰᠢᠯᠭᠠᠨ ᠦᠨᠡᠯᠡᠯᠲᠡ    ᠡᠳᠦᠷ ᠲᠤᠲᠤᠮ ᠤᠨ ᠰᠢᠯᠭᠠᠨ ᠦᠨᠡᠯᠡᠯᠲᠡ ᠶᠢ ᠬᠢᠯᠢ ᠶᠢᠨ ᠲᠣᠮᠢᠯᠠᠭᠰᠠᠨ ᠰᠠᠯᠪᠤᠷᠢ ᠠᠴᠠ ᠬᠢᠯᠢ ᠶᠢᠨ ᠬᠠᠮᠠᠭᠠᠯᠠᠯᠲᠠ ᠶᠢᠨ ᠠᠯᠪᠠᠨ ᠬᠡᠷ᠂ ᠰᠤᠮᠤ ︵ᠪᠠᠯᠭᠠᠰᠤ ᠲᠠᠢ ᠬᠠᠮᠲᠤᠷᠠᠨ ᠬᠢᠯᠢ ᠶᠢᠨ ᠬᠠᠮᠠᠭᠠᠯᠠᠭᠴᠢ ᠶᠢᠨ ᠮᠡᠳᠡᠭᠡ ᠵᠠᠩᠭᠢ ᠶᠢᠨ ᠶᠠᠰᠤ ᠴᠢᠨᠠᠷ᠂ ᠬᠢᠯᠢ ᠶᠢᠨ ᠴᠠᠭᠳᠠᠨ ᠪᠠᠶᠢᠴᠠᠭᠠᠬᠤ ᠵᠢᠵᠢᠭᠦᠷ᠂ ᠲᠤᠰᠬᠠᠶ ᠡᠭᠦᠷᠭᠡ ᠶᠢ ᠪᠡᠶᠡᠯᠡᠭᠦᠯᠦᠭᠰᠡᠨ ᠵᠢᠴᠢ ᠪᠣᠯᠪᠠᠰᠤᠷᠠᠯ ᠤᠬᠠᠭᠤᠯᠭ᠎ᠠ ᠵᠡᠷᠭᠡ ᠬᠠᠮᠲᠤ ᠶᠢᠨ ᠠᠵᠢᠯᠯᠠᠭ᠎ᠠ ᠳᠤ ᠣᠷᠣᠯᠴᠠᠬᠤ ᠡᠭᠦᠷᠭᠡ ᠲᠠᠢ ᠤᠶᠠᠯᠳᠤᠭᠤᠯᠤᠨ᠂ ᠬᠢᠯᠢ ᠶᠢᠨ ᠬᠠᠮᠠᠭᠠᠯᠠᠭᠴᠢ ᠶᠢᠨ ᠪᠠᠶᠢᠩᠭᠤ ᠶᠢᠨ ᠬᠠᠮᠢᠶᠠᠷᠤᠯᠲᠠ ᠶᠢᠨ ᠡᠳᠦᠷ ᠲᠤᠲᠤᠮ ᠤᠨ ᠢᠯᠡᠷᠡᠯ ᠪᠣᠯ ᠪᠣᠳᠠᠲᠠᠶ ᠰᠢᠯᠭᠠᠨ ᠦᠨᠡᠯᠡᠬᠦ ᠦᠨᠳᠦᠰᠦᠯᠡᠯ ᠪᠣᠯᠤᠨ᠎ᠠ᠃    ︵ᠬᠤᠶᠠᠷ︶ ᠪᠦᠬᠦ ᠵᠢᠯ ᠤᠨ ᠦᠨᠡᠯᠡᠨ ᠲᠣᠭᠲᠠᠭᠠᠯᠲᠠ    ᠬᠤᠰᠢᠭᠤᠨ ᠤ ᠬᠢᠯᠢ ᠶᠢᠨ ᠬᠠᠮᠠᠭᠠᠯᠠᠯᠲᠠ ᠵᠦᠪᠯᠡᠯ ᠤᠨ ᠠᠯᠪᠠᠨ ᠭᠡᠷ᠂ ᠬᠢᠯᠢ ᠶᠢᠨ ᠴᠡᠷᠢᠭ ᠠᠩᠭᠢ᠂ ᠬᠢᠯᠢ ᠶᠢᠨ ᠰᠣᠮᠣ ︵ᠪᠠᠯᠭᠠᠰᠤ︶ ᠡᠳᠦᠷ ᠲᠤᠲᠤᠮ ᠤᠨ ᠬᠢᠨᠠᠨ ᠰᠢᠯᠭᠠᠬᠤ ᠶᠢ ᠪᠣᠳᠠᠲᠠᠶ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠢᠯᠢ ᠶᠢᠨ ᠬᠠᠮᠠᠭᠠᠯᠠᠭᠴᠢ ᠶᠢᠨ ᠪᠦᠬᠦ ᠵᠢᠯ ᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠣᠭᠤᠷᠢᠨ ᠴᠠᠭᠳᠠᠵᠤ ᠪᠠᠶᠢᠭ᠎ᠠ ᠡᠳᠦᠷ ᠤᠨ ᠲᠡᠮᠳᠡᠭᠯᠡᠯ ᠬᠢᠬᠦ᠂ ᠡᠳᠦᠷ ᠲᠤᠲᠤᠮ ᠤᠨ ᠡᠵᠡᠮᠰᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠶᠡᠷᠦᠩᠬᠡᠶᠢᠯᠡᠨ ᠵᠠᠰᠠᠬᠤ ᠰᠢᠰᠲ᠋ᠧᠮ ᠲᠠᠢ ᠤᠶᠠᠯᠳᠤᠭᠤᠯᠤᠨ ᠪᠠᠶᠢᠳᠠᠯ ᠢᠶᠠᠨ ᠬᠠᠷᠢᠭᠤ ᠲᠤᠰᠬᠠᠵᠤ᠂ ᠬᠢᠯᠢ ᠶᠢᠨ ᠬᠠᠮᠠᠭᠠᠯᠠᠭᠴᠢ ᠶᠢᠨ ᠡᠴᠦᠰ ᠤᠨ ᠬᠢᠨᠠᠨ ᠰᠢᠯᠭᠠᠭᠰᠠᠨ ᠦᠷ᠎ᠡ ᠳ᠋ᠦᠩ ᠢ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃    ᠭᠤᠷᠪᠠ᠂ ᠰᠢᠯᠭᠠᠨ ᠬᠢᠨᠠᠬᠤ ᠬᠤᠪᠢ ᠶᠢᠨ ᠥᠷᠲᠡᠭ ︵100 ᠬᠤᠪᠢ︶    ︵ᠨᠢᠭᠡ︶ ᠰᠠᠭᠤᠷᠢ ᠬᠤᠪᠢ ᠨᠢ 60 ᠬᠤᠪᠢ     ︵1︶ ᠬᠠᠷᠢᠶ᠎ᠠ ᠣᠷᠣᠨ ᠤ ᠲᠣᠭᠤᠷᠢᠨ ᠪᠠᠶᠢᠴᠠᠭᠠᠬᠤ ᠪᠠ ᠬᠠᠮᠵᠢᠯᠴᠠᠨ ᠵᠢᠵᠢᠭᠦᠷᠯᠡᠬᠦ     ᠬᠠᠷᠢᠶᠠᠲᠤ ᠣᠷᠣᠨ ᠤ ᠲᠣᠭᠤᠷᠢᠨ ᠪᠠᠶᠢᠴᠠᠭᠠᠬᠤ ᠪᠣᠯ ᠬᠢᠯᠢ ᠶᠢᠨ ᠬᠠᠮᠠᠭᠠᠯᠠᠭᠴᠢ ᠶᠢᠨ ᠪᠠᠶᠢᠩᠭᠤ ᠶᠢᠨ ᠴᠢᠨᠠᠷᠲᠠᠶ ᠲᠣᠭᠤᠷᠢᠨ ᠪᠠᠶᠢᠴᠠᠭᠠᠬᠤ ᠪᠤᠶᠤ ᠦᠢᠯᠡᠳᠪᠦᠷᠢᠯᠡᠯ ᠠᠮᠢᠳᠤᠷᠠᠯ ᠲᠠᠢ ᠤᠶᠠᠯᠳᠤᠭᠤᠯᠤᠨ ᠬᠠᠷᠢᠭᠤᠴᠠᠯᠭ᠎ᠠ ᠲᠠᠢ ᠭᠠᠵᠠᠷ ᠲᠤ ᠥᠷᠨᠢᠭᠦᠯᠦᠭᠰᠡᠨ ᠬᠠᠷᠢᠶ᠎ᠠ ᠣᠷᠣᠨ ᠤ ᠲᠣᠭᠤᠷᠢᠨ ᠪᠠᠶᠢᠴᠠᠭᠠᠬᠤ ᠡᠭᠦᠷᠭᠡ ᠶᠢ ᠵᠢᠭᠠᠵᠤ ᠪᠣᠶ᠃ ᠡᠭᠦᠷᠭᠡ ᠭᠦᠢᠴᠡᠳᠬᠡᠬᠦ ᠳᠤ ᠬᠢᠯᠢ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠵᠣᠬᠢᠶᠠᠨ ᠪᠠᠶᠢᠭᠤᠯᠤᠭᠰᠠᠨ ᠬᠠᠮᠲᠤᠷᠠᠨ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ᠂ ᠰᠠᠬᠢᠨ ᠵᠢᠵᠢᠭᠦᠷᠯᠡᠬᠦ ᠵᠡᠷᠭᠡ ᠠᠵᠢᠯᠯᠠᠭ᠎ᠠ ᠳᠤ ᠣᠷᠣᠯᠴᠠᠬᠤ ᠶᠢ ᠵᠢᠭᠠᠵᠤ ᠪᠣᠶ᠃ ᠲᠤᠰ ᠭᠤᠪᠴᠢᠭᠤᠷ ᠢ ᠬᠢᠯᠢ ᠶᠢᠨ ᠳᠣᠲᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠨ ᠵᠠᠰᠠᠬᠤ ᠰᠢᠰᠲ᠋ᠧᠮ ᠤᠨ ᠣᠷᠣ ᠮᠥᠷ᠂ ᠡᠭᠦᠷᠭᠡ ᠲᠣᠮᠢᠯᠠᠭᠰᠠᠨ ᠬᠠᠭᠤᠳᠠᠰᠤ ᠶᠢᠨ ᠲᠣᠳᠣᠷᠬᠠᠶ ᠬᠠᠭᠤᠳᠠᠰᠤ᠂ ᠲᠣᠭᠤᠷᠢᠨ ᠪᠠᠶᠢᠴᠠᠭᠠᠵᠤ ᠳᠠᠩᠰᠠᠯᠠᠭᠤᠯᠬᠤ ᠡᠬᠡ ᠲᠠᠩᠰᠠ ᠵᠢᠴᠢ ᠬᠢᠯᠢ ᠶᠢᠨ ᠭᠠᠳᠠᠨᠠᠬᠢ ᠡᠳᠦᠷ ᠤᠨ ᠲᠡᠮᠳᠡᠭᠯᠡᠯ ᠲᠠᠢ ᠤᠶᠠᠯᠳᠤᠭᠤᠯᠬᠤ ᠪᠠᠷ ᠦᠨᠳᠦᠰᠦᠯᠡᠯ ᠪᠣᠯᠭᠠᠪᠠ᠃ ︵20 ᠬᠤᠪᠢ︶    ︵2︶ ᠮᠡᠳᠡᠭᠡ ᠵᠠᠩᠭᠢ ᠮᠡᠳᠡᠭᠦᠯᠦᠨ ᠬᠦᠷᠭᠡᠬᠦ ᠬᠡᠷᠡᠭᠲᠡᠶ᠃ ᠬᠢᠯᠢ ᠬᠠᠮᠠᠭᠠᠯᠠᠭᠴᠢ ᠨᠢᠭᠡᠪᠦᠷᠢ ᠰᠠᠷ᠎ᠠ ᠳᠤ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠨᠢ ᠸᠢᠴᠠᠲ ᠬᠤᠯᠪᠤᠭ᠎ᠠ ᠶᠢᠨ ᠬᠠᠷᠢᠭᠤ ᠲᠤᠰᠬᠠᠬᠤ ᠪᠤᠶᠤ ᠤᠲᠠᠰᠤ ᠪᠠᠷ ᠲᠤᠰᠬᠠᠵᠤ᠂ ᠲᠣᠭᠤᠷᠢᠨ ᠪᠠᠶᠢᠴᠠᠭᠠᠬᠤ ᠡᠳᠦᠷ ᠤᠨ ᠲᠡᠮᠳᠡᠭᠯᠡᠯ ᠲᠠᠭᠯᠠᠵᠤ ᠪᠣᠯᠤᠨ᠎ᠠ᠃ ︵20 ᠬᠤᠪᠢ︶    ︵3 ᠰᠤᠷᠤᠯᠴᠠᠯᠭ᠎ᠠ ᠪᠣᠯᠪᠠᠰᠤᠷᠠᠭᠤᠯᠤᠯ ᠦᠷᠨᠢᠭᠦᠯᠦᠨ᠎ᠡ᠃ ᠬᠢᠯᠢ ᠶᠢᠨ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠨᠢᠭᠡᠴᠡ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠥᠮᠦᠵᠢᠯ ᠪᠣᠯᠪᠠᠰᠤᠷᠠᠭᠤᠯᠤᠯ ᠵᠢᠴᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠢᠯᠢ ᠶᠢᠨ ᠬᠠᠮᠠᠭᠠᠯᠠᠭᠴᠢᠳ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠢᠳᠡᠪᠬᠢᠲᠡᠶ ᠣᠷᠣᠯᠴᠠᠵᠤ᠂ ᠱᠠᠭᠠᠷᠳᠠᠯᠭ᠎ᠠ ᠶᠣᠰᠣᠭᠠᠷ ᠪᠣᠯᠪᠠᠰᠤᠷᠠᠭᠤᠯᠤᠯ ᠤᠨ ᠠᠭᠤᠯᠭ᠎ᠠ ᠶᠢ ᠪᠡᠶᠡᠯᠡᠭᠦᠯᠵᠦ ᠪᠣᠯᠤᠨ᠎ᠠ᠃ ︵20 ᠬᠤᠪᠢ︶    ︵ᠬᠤᠶᠠᠷ︶ ᠠᠮᠵᠢᠯᠲᠠ ᠪᠦᠲᠦᠮᠵᠢ ᠶᠢᠨ ᠬᠤᠪᠢ 40 ᠬᠤᠪᠢ᠃    ︵1︶ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠴᠡᠷᠢᠭ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯᠯᠠᠭ᠎ᠠ ᠳᠤ ᠣᠷᠣᠯᠴᠠᠬᠤ ᠪᠤᠶᠤ ᠭᠠᠳᠠᠭᠠᠳᠤ ᠶᠠᠪᠤᠳᠠᠯ ᠤᠨ ᠵᠠᠭᠠᠭ ᠶᠠᠪᠤᠳᠠᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠠᠵᠢᠯᠯᠠᠭ᠎ᠠ ᠶᠢ ᠬᠠᠮᠵᠢᠯᠴᠠᠨ ᠥᠷᠨᠢᠭᠦᠯᠦᠨ᠎ᠡ᠃ ︵10 ᠬᠤᠪᠢ︶    ︵2︶ ᠬᠢᠯᠢ ᠬᠠᠮᠠᠭᠠᠯᠠᠭᠴᠢ ᠶᠢᠨ ᠮᠡᠳᠡᠭᠦᠯᠦᠨ ᠬᠦᠷᠭᠡᠭᠰᠡᠨ ᠬᠦᠴᠦᠨ ᠪᠦᠬᠦᠢ ᠮᠡᠳᠡᠭᠡ ᠵᠠᠩᠭᠢ ᠪᠤᠶᠤ ᠶᠡᠷᠦᠩᠬᠡᠶᠢᠯᠡᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠶᠢ ᠬᠠᠮᠢᠶᠠᠷᠤᠯᠲᠠ ᠶᠢᠨ ᠨᠢᠭᠡᠴᠡ ᠪᠠᠷ ᠬᠢᠨᠠᠭᠤᠯᠬᠤ ᠶᠢᠨ ᠬᠠᠮᠲᠤ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠳᠤ ᠬᠤᠪᠢ ᠣᠯᠭᠤᠵᠤ ᠪᠣᠯᠤᠨ᠎ᠠ᠃ ︵10 ᠬᠤᠪᠢ︶    ︵3︶ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠲᠣᠭᠲᠠᠭᠤᠨ ᠳᠤ ᠬᠤᠯᠪᠣᠭᠳᠠᠬᠤ ᠮᠡᠳᠡᠭᠡ ᠵᠠᠩᠭᠢ ᠶᠢᠨ ᠰᠦᠪᠡᠭᠴᠢ ᠪᠠ ᠡᠯ᠎ᠡ ᠲᠥᠷᠥᠯ ᠤᠨ ᠨᠡᠶᠢᠭᠡᠮ ᠤᠨ ᠪᠠᠶᠢᠳᠠᠯ ᠤᠨ ᠮᠡᠳᠡᠭᠡ ᠶᠢ ᠴᠤᠭᠯᠠᠭᠤᠯᠤᠨ ᠡᠵᠡᠮᠰᠢᠬᠦ ᠶᠢᠨ ᠬᠠᠮᠲᠤ ᠬᠠᠮᠢᠶᠠᠷᠤᠯᠲᠠ ᠶᠢᠨ ᠨᠢᠭᠡᠴᠡ ᠳᠤ ᠴᠠᠭ ᠲᠤᠬᠠᠶ ᠳᠤᠨᠢ ᠮᠡᠳᠡᠭᠦᠯᠦᠨ᠎ᠡ᠃ ︵10 ᠬᠤᠪᠢ︶    ︵4︶ ᠰᠠᠭᠤᠭ᠎ᠠ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠠᠮᠢᠶᠠᠷᠤᠯᠲᠠ ᠶᠢ ᠤᠬᠠᠮᠰᠠᠷ ᠠᠴᠠ ᠪᠠᠨ ᠳᠠᠭᠠᠵᠤ᠂ ᠲᠤᠰᠢᠶᠠᠭᠰᠠᠨ ᠪᠤᠰᠤᠳ ᠡᠭᠦᠷᠭᠡ ᠶᠢ ᠢᠳᠡᠪᠬᠢᠲᠡᠶ ᠪᠡᠶᠡᠯᠡᠭᠦᠯᠦᠨ᠎ᠡ᠃ ︵10 ᠬᠤᠪᠢ︶     ᠳᠥᠷᠪᠡ᠂ ᠰᠢᠯᠭᠠᠨ ᠬᠢᠨᠠᠭᠰᠠᠨ ᠦᠷ᠎ᠡ ᠳ᠋ᠦᠩ ᠵᠢᠴᠢ ᠬᠡᠷᠡᠭᠯᠡᠯᠲᠡ    ᠰᠢᠯᠭᠠᠨ ᠦᠨᠡᠯᠡᠬᠦ ᠳᠡᠰ ᠳᠠᠷᠠᠭᠠᠯᠠᠯ ᠤᠨ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠵᠢᠯ ᠤᠨ ᠰᠢᠯᠭᠠᠨ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠬᠡᠮᠵᠢᠶᠡᠯᠡᠭᠰᠡᠨ ᠬᠤᠪᠢ ᠶᠢᠨ ᠬᠡᠮᠵᠢᠭᠳᠡᠯ ᠨᠢ 100 ᠬᠤᠪᠢ — 85 ᠬᠤᠪᠢ ᠨᠢ ᠰᠢᠯᠢᠳᠡᠭ ᠢᠶᠠᠷ ᠦᠨᠡᠯᠡᠨ ᠲᠣᠭᠲᠠᠭᠠᠵᠤ᠂ ᠬᠢᠯᠢ ᠶᠢᠨ ᠬᠠᠮᠠᠭᠠᠯᠠᠭᠴᠢ ᠶᠢᠨ ᠶᠡᠷᠦᠩᠬᠡᠶ ᠲᠣᠭᠠᠨ ᠤ 20%᠎ ᠠᠴᠠ ᠬᠡᠲᠦᠷᠡᠭᠦᠯᠵᠦ ᠪᠣᠯᠬᠤ ᠦᠭᠡᠶ᠃ ᠬᠤᠪᠢ ᠶᠢᠨ ᠬᠡᠮᠵᠢᠭᠳᠡᠯ ᠨᠢ 84 ᠬᠤᠪᠢ — 60 ᠬᠤᠪᠢ ᠠᠴᠠ ᠳᠣᠷᠣᠭᠰᠢ ᠲᠤᠰᠢᠶᠠᠯ ᠳᠠᠭᠠᠨ ᠲᠡᠩᠴᠡᠬᠦ ᠦᠭᠡᠶ ᠪᠠᠷ ᠦᠨᠡᠯᠡᠨ ᠲᠣᠭᠲᠠᠭᠠᠨ᠎ᠠ᠃    ︵ᠨᠢᠭᠡ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠰᠢᠶᠠᠯ ᠠᠴᠠ ᠨᠢ ᠳᠡᠭᠡᠭᠰᠢ ᠦᠨᠡᠯᠡᠨ ᠲᠣᠭᠲᠠᠭᠠᠵᠤ ᠪᠣᠯᠬᠤ ᠦᠭᠡᠢ᠄    ︵1︶ ᠬᠢᠯᠢ ᠬᠠᠮᠠᠭᠠᠯᠠᠭᠴᠢᠳ ᠬᠤᠶᠠᠷ ᠤᠳᠠᠭ᠎ᠠ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠄ ᠰᠤᠷᠤᠯᠴᠠᠯᠭ᠎ᠠ ᠂ ᠪᠣᠯᠪᠠᠰᠤᠷᠠᠭᠤᠯᠤᠯ᠂ ᠶᠠᠷᠢᠯᠴᠠᠬᠤ ᠵᠡᠷᠭᠡ ᠠᠵᠢᠯᠯᠠᠭ᠎ᠠ ᠳᠤ ᠤᠴᠢᠷ ᠰᠢᠯᠲᠠᠭᠠᠨ ᠦᠭᠡᠶ ᠪᠠᠷ ᠣᠷᠣᠯᠴᠠᠬᠤ ᠦᠭᠡᠶ᠃    ︵2︶ ᠬᠢᠯᠢ ᠬᠠᠮᠠᠭᠠᠯᠠᠭᠴᠢ ᠶᠢᠨ ᠮᠡᠳᠡᠭᠡ ᠵᠠᠩᠭᠢ ᠴᠠᠭ ᠲᠤᠬᠠᠶ ᠳᠤᠨᠢ ᠬᠠᠷᠢᠭᠤ ᠲᠤᠰᠬᠠᠭᠰᠠᠨ ᠥᠬᠡᠶ᠂ ᠪᠠᠶᠢᠳᠠᠯ ᠤᠨ ᠮᠥᠷᠳᠡᠯᠲᠡ ᠶᠢ ᠪᠣᠳᠠᠲᠠᠶᠢᠵᠢᠭᠤᠯᠤᠭᠰᠠᠨ ᠥᠬᠡᠶ᠃ ᠴᠢᠬᠤᠯᠠ ᠶᠡᠭᠡ ᠬᠢᠯᠢ ᠶᠢᠨ ᠪᠠᠶᠢᠳᠠᠯ ᠤᠨ ᠬᠡᠷᠡᠭ ᠢ ᠮᠡᠳᠡᠭᠦᠯᠦᠭᠰᠡᠨ ᠥᠬᠡᠶ᠃ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠠᠵᠠᠭᠠᠶ ᠨᠥᠯᠥᠭᠡ ᠦᠵᠡᠭᠦᠯᠦᠭᠰᠡᠨ ᠪᠠᠶᠢᠪᠠᠯ᠃    ︵3︶ ᠳᠡᠭᠡᠳᠦ ᠱᠠᠲᠤᠨ ᠠᠴᠠ ᠲᠤᠰᠢᠶᠠᠭᠰᠠᠨ ᠲᠤᠰᠬᠠᠶ ᠡᠭᠦᠷᠭᠡ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠶ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠭᠰᠡᠨ᠂ ᠠᠵᠢᠯ ᠢᠶᠠᠨ ᠰᠠᠭᠠᠲᠠᠭᠠᠭᠰᠠᠨ ᠪᠤᠶᠤ ᠮᠠᠭᠤ ᠨᠥᠯᠥᠭᠡ ᠭᠠᠷᠭᠠᠭᠰᠠᠨ ᠪᠠᠶᠢᠪᠠᠯ᠃    ᠵᠢᠯ ᠤᠨ ᠡᠴᠤᠰ ᠤᠨ ᠬᠢᠨᠠᠨ ᠰᠢᠯᠭᠠᠯᠲᠠ ᠳᠤ ︽ᠲᠤᠰᠢᠶᠠᠯ ᠳᠠᠭᠠᠨ ᠲᠡᠩᠴᠡᠬᠦ ᠦᠭᠡᠢ︾᠎ ᠪᠠᠷ ᠦᠨᠡᠯᠡᠭᠳᠡᠭᠰᠡᠨ ᠪᠠᠶᠢᠪᠠᠯ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠡᠭᠦᠨ ᠢ ᠰᠤᠷᠭᠠᠨ ᠬᠥᠮᠥᠵᠢᠭᠦᠯᠦᠨ ᠶᠠᠷᠢᠯᠴᠠᠵᠤ᠂ ᠨᠡᠶᠢᠲᠡ 2 ᠵᠢᠯ ︽ᠲᠤᠰᠢᠶᠠᠯ ᠳᠠᠭᠠᠨ ᠲᠡᠩᠴᠡᠬᠦ ᠦᠭᠡᠢ︾ ᠬᠥᠮᠦᠨ ᠢᠶᠠᠷ ᠦᠨᠡᠯᠡᠭᠳᠡᠭᠰᠡᠨ ᠬᠥᠮᠦᠰ ᠢ ᠰᠤᠮᠤ ᠪᠠᠯᠭᠠᠰᠤ ᠠᠴᠠ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠮᠡᠳᠡᠭᠦᠯᠦᠨ ᠲᠣᠬᠢᠷᠠᠭᠤᠯᠤᠯᠲᠠ ᠬᠢᠵᠦ᠂ ᠬᠢᠯᠢ ᠶᠢᠨ ᠬᠠᠮᠠᠭᠠᠯᠠᠭᠴᠢ ᠶᠢᠨ ᠲᠤᠰᠢᠶᠠᠯ ᠢ ᠢᠯᠭᠠᠷᠠᠭᠤᠯᠤᠨ ᠭᠠᠷᠭᠠᠵᠤ᠂ ᠬᠢᠯᠢ ᠶᠢᠨ ᠬᠠᠮᠠᠭᠠᠯᠠᠭᠴᠢ ᠶᠢᠨ ᠨᠥᠬᠦᠪᠥᠷᠢ ᠥᠭᠬᠦ ᠶᠢ ᠵᠤᠭᠰᠤᠭᠠᠨ᠎ᠠ᠃    ︵ᠬᠤᠶᠠᠷ︶ ᠵᠢᠯ ᠤᠨ ᠡᠴᠤᠰ ᠤᠨ ᠰᠢᠯᠭᠠᠨ ᠬᠢᠨᠠᠬᠤ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠡᠷᠡᠭ ᠤᠨ ᠴᠢᠬᠤᠯᠠ ᠶᠡᠭᠡ ᠬᠡᠮᠵᠢᠶ᠎ᠡ ᠶᠢ ᠦᠨᠳᠦᠰᠦᠯᠡᠨ ᠢᠯᠡᠭᠦᠴᠡ 500 - 3000 ᠲᠥᠭᠦᠷᠢᠭ ᠤᠨ ᠱᠠᠩᠨᠠᠯ ᠣᠯᠭᠤᠨ᠎ᠠ᠄    ︵1︶ ᠴᠢᠬᠤᠯᠠ ᠰᠦᠪᠡᠭᠴᠢ ᠶᠢ ᠢᠯᠡᠷᠡᠭᠦᠯᠵᠦ᠂ ᠮᠡᠳᠡᠭᠦᠯᠵᠦ᠂ ᠬᠢᠯᠢ ᠶᠢᠨ ᠳᠣᠲᠣᠷ᠎ᠠ ᠭᠠᠳᠠᠨᠠᠬᠢ ᠦᠨᠳᠦᠰᠦᠲᠡᠨ ᠤ ᠬᠠᠭᠠᠴᠠᠯ᠂ ᠬᠦᠴᠦᠷᠬᠡᠭᠯᠡᠯ ᠰᠦᠷᠳᠡᠭᠦᠯᠦᠯ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠳᠤ ᠬᠤᠯᠪᠣᠭᠳᠠᠭᠰᠠᠨ ᠬᠡᠷᠡᠭ ᠪᠠ ᠬᠤᠪᠢ ᠬᠦᠮᠦᠨ ᠶᠢ ᠢᠯᠡᠷᠡᠭᠦᠯᠦᠨ ᠪᠠᠷᠢᠪᠴᠢᠯᠠᠨ᠎ᠠ᠃    ︵2︶ ᠪᠠᠯᠠᠮᠠᠳ ᠶᠠᠪᠤᠳᠠᠯ ᠳᠤ ᠵᠣᠷᠢᠭᠲᠠᠢ ᠲᠡᠮᠡᠴᠡᠵᠦ᠂ ᠠᠷᠠᠳ ᠢᠷᠭᠡᠨ ᠤ ᠦᠬᠦᠯ ᠰᠢᠷᠬᠠᠲᠤᠯ ᠪᠠ ᠬᠤᠪᠢ ᠬᠥᠮᠥᠨ᠂ ᠬᠠᠮᠲᠤ ᠨᠡᠶᠢᠲᠡ᠂ ᠤᠯᠤᠰ ᠤᠨ ᠡᠳ᠋ ᠬᠥᠷᠥᠩᠭᠡ ᠶᠢᠨ ᠬᠤᠬᠢᠷᠠᠯ ᠠᠴᠠ ᠵᠶᠢᠯᠠᠰᠬᠢᠬᠤ ᠪᠤᠶᠤ ᠪᠠᠭᠠᠰᠬᠠᠨ᠎ᠠ᠃    ︵3︶ ᠭᠤᠤᠯᠳᠠᠯᠭ᠎ᠠ ᠲᠠᠢ ᠬᠥᠮᠦᠰ ᠪᠠ ᠬᠠᠤᠯᠢ ᠪᠤᠰᠤ ᠪᠠᠷ ᠬᠢᠯᠢ ᠪᠠᠷ ᠣᠷᠣᠵᠤ ᠭᠠᠷᠬᠤ ᠬᠥᠮᠦᠰ ᠢ ᠪᠠᠷᠢᠪᠴᠢᠯᠠᠭᠰᠠᠨ ᠪᠤᠶᠤ ᠬᠠᠪᠰᠤᠷᠤᠨ ᠪᠠᠷᠢᠪᠴᠢᠯᠠᠨ᠎ᠠ᠃    ︵4︶ ᠫᠤᠤ ᠵᠡᠪᠰᠡᠭ᠂ ᠰᠤᠮᠤ ᠳᠠᠷᠢ᠂ ᠬᠠᠤᠯᠢ ᠪᠤᠰᠤ ᠡᠳ᠋ ᠪᠣᠳᠠᠰ ᠢ ᠳᠠᠯᠳᠠᠭᠤᠷ ᠠᠷᠠᠯᠵᠢᠶᠠᠯᠠᠭᠰᠠᠨ ᠪᠠᠶᠢᠴᠠᠭᠠᠨ ᠢᠯᠡᠷᠡᠬᠦᠯᠦᠭᠰᠡᠨ᠃    ︵5︶ ᠬᠢᠯᠢ ᠶᠢᠨ ᠬᠥᠰᠢᠶ᠎ᠡ᠂ ᠬᠢᠯᠢ ᠶᠢᠨ ᠱᠤᠩ ᠪᠠ ᠬᠢᠯᠢ ᠶᠢᠨ ᠲᠥᠬᠦᠭᠡᠷᠦᠮᠵᠢ ᠶᠢ ᠪᠠᠶᠢᠴᠠᠭᠠᠨ ᠣᠯᠣᠭᠰᠠᠨ᠂ ᠬᠠᠮᠵᠢᠨ ᠪᠠᠶᠢᠴᠠᠭᠠᠵᠤ ᠣᠯᠣᠭᠰᠠᠨ᠃    ︵6︶ ᠬᠢᠯᠢ ᠬᠢᠵᠠᠭᠠᠷ ᠣᠷᠣᠨ ᠳᠤ ᠬᠤᠯᠪᠣᠭᠳᠠᠭᠰᠠᠨ ᠴᠢᠬᠤᠯᠠ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠮᠡᠳᠡᠭᠦᠯᠵᠦ᠂ ᠪᠠᠶᠢᠴᠠᠭᠠᠨ ᠲᠤᠳᠤᠯᠠᠭᠠᠳ ᠦᠨᠡᠨ ᠪᠣᠳᠠᠲᠠᠶ ᠪᠠᠶᠢᠬᠤ᠃    ︵7︶ ᠬᠢᠯᠢ ᠶᠢᠨ ᠬᠠᠮᠢᠶᠠᠷᠤᠯᠲᠠ ᠡᠵᠡᠮᠳᠡᠯ ᠤᠨ ᠠᠵᠢᠯ ᠳᠤ ᠪᠤᠰᠤᠳ ᠣᠨᠴᠠᠭᠠᠢ ᠬᠤᠪᠢ ᠨᠡᠮᠡᠷᠢ ᠦᠵᠡᠭᠦᠯᠦᠭᠰᠡᠨ᠃    ︵ᠭᠤᠷᠪᠠ︶ ᠨᠦᠬᠦᠪᠦᠷᠢ ᠶᠢᠨ ᠪᠠᠷᠢᠮᠵᠢᠶ᠎ᠠ ᠶᠢ ᠬᠢᠨ᠋ᠠᠨ ᠲᠤᠭᠲᠠᠬᠠᠬᠤ᠃ ᠬᠢᠯᠢ ᠶᠢᠨ ᠬᠠᠮᠠᠭᠠᠯᠠᠭᠴᠢ ᠶᠢᠨ ᠨᠥᠬᠦᠪᠥᠷᠢ ᠶᠢᠨ ᠪᠠᠷᠢᠮᠵᠢᠶ᠎ᠠ ᠨᠢ ᠰᠠᠷ᠎ᠠ ᠪᠦᠷᠢ 1000 ᠲᠥᠭᠦᠷᠢᠭ / ᠬᠥᠮᠦᠨ ᠪᠣᠯᠤᠨ᠎ᠠ᠂ ᠡᠭᠦᠨ ᠳᠤ ᠰᠠᠭᠤᠷᠢ ᠲᠤᠰᠠᠯᠠᠮᠵᠢ ᠪᠣᠯᠤᠨ ᠠᠵᠢᠯ ᠤᠨ ᠠᠮᠵᠢᠯᠲᠠ ᠪᠦᠲᠦᠮᠵᠢ ᠶᠢᠨ ᠲᠤᠰᠠᠯᠠᠮᠵᠢ ᠪᠠᠭᠲᠠᠨ᠎ᠠ᠃    ︵1︶ ᠰᠠᠭᠤᠷᠢ ᠨᠥᠬᠦᠪᠦᠷᠢ᠃ ᠪᠦᠬᠦ ᠵᠢᠯ ᠤᠨ ᠦᠨᠡᠯᠡᠨ ᠲᠣᠭᠲᠠᠭᠠᠬᠤ ᠳᠤ ᠣᠷᠣᠯᠴᠠᠭᠰᠠᠨ ᠬᠢᠯᠢ ᠬᠠᠮᠠᠭᠠᠯᠠᠭᠴᠢ 600 ᠲᠥᠭᠦᠷᠢᠭ / ᠰᠠᠷ᠎ᠠ / ᠬᠥᠮᠦᠨ ᠢᠶᠠᠷ ᠦᠨᠡᠯᠡᠨ ᠲᠣᠭᠲᠠᠭᠠᠪᠠ᠃ ᠪᠦᠬᠦ ᠵᠢᠯ ᠳᠤ ᠲᠤᠰᠢᠶᠠᠯ ᠳᠠᠭᠠᠨ ᠦᠯᠦ ᠲᠡᠩᠴᠡᠬᠦ ᠬᠢᠯᠢ ᠬᠠᠮᠠᠭᠠᠯᠠᠭᠴᠢ ᠪᠠᠷ ᠦᠨᠡᠯᠡᠨ ᠲᠣᠭᠲᠠᠭᠠᠭᠰᠠᠨ ᠬᠢᠯᠢ ᠬᠠᠮᠠᠭᠠᠯᠠᠭᠴᠢ ᠪᠤᠯ ᠵᠥᠪᠬᠡᠨ ᠲᠤᠰ ᠵᠢᠯ ᠤᠨ ᠰᠠᠭᠤᠷᠢ ᠨᠥᠬᠦᠪᠥᠷᠢ ᠣᠯᠭᠤᠵᠤ᠂ ᠬᠤᠶᠠᠷ ᠵᠢᠯ ᠳᠠᠷᠠᠭᠠᠯᠠᠨ ᠲᠤᠰᠢᠶᠠᠯ ᠳᠠᠭᠠᠨ ᠦᠯᠦ ᠲᠣᠬᠢᠷᠠᠬᠤ ᠬᠢᠯᠢ ᠬᠠᠮᠠᠭᠠᠯᠠᠭᠴᠢ ᠪᠤᠯ ᠠᠵᠢᠯ ᠠᠴᠠ ᠨᠢ ᠪᠠᠭᠤᠯᠭᠠᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠤᠭᠤᠴᠠᠭᠠᠨ ᠳᠤ ᠬᠡᠷᠪᠡ ᠢᠯᠭᠠᠷᠠᠭᠤᠯᠤᠨ ᠭᠠᠷᠭᠠᠬᠤ ᠨᠥᠬᠦᠴᠡᠯ ᠳᠤ ᠨᠡᠶᠢᠴᠡᠭᠰᠡᠨ ᠬᠥᠮᠦᠰ ᠪᠠᠶᠢᠪᠠᠯ᠂ ᠰᠤᠮᠤ ᠪᠠᠯᠭᠠᠰᠤ ᠨᠢ ᠴᠠᠭ ᠲᠤᠬᠠᠶ ᠳᠤᠨᠢ ᠬᠢᠯᠢ ᠶᠢᠨ ᠬᠠᠮᠠᠭᠠᠯᠠᠯᠲᠠ ᠶᠢᠨ ᠠᠯᠪᠠᠨ ᠬᠡᠷ ᠲᠤ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠰᠠᠭᠤᠷᠢ ᠨᠥᠬᠦᠪᠥᠷᠢ ᠶᠢ ᠰᠠᠷ᠎ᠠ ᠪᠠᠷ ᠣᠯᠭᠤᠨ᠎ᠠ᠃    ︵2︶ ᠠᠮᠵᠢᠯᠲᠠ ᠪᠦᠲᠦᠮᠵᠢ ᠶᠢᠨ ᠲᠤᠰᠠᠯᠠᠮᠵᠢ᠃ ᠪᠦᠬᠦ ᠵᠢᠯ ᠳᠤ ᠰᠢᠯᠢᠳᠡᠭ ᠬᠢᠯᠢ ᠶᠢᠨ ᠬᠠᠮᠠᠭᠠᠯᠠᠭᠴᠢ ᠪᠠᠷ ᠦᠨᠡᠯᠡᠨ ᠲᠣᠭᠲᠠᠭᠠᠭᠰᠠᠨ ᠪᠤᠯ ᠵᠢᠯ ᠳᠤ 6000 ᠲᠥᠭᠦᠷᠢᠭ ᠤᠨ ᠠᠮᠵᠢᠯᠲᠠ ᠪᠦᠲᠦᠮᠵᠢ ᠶᠢᠨ ᠨᠥᠬᠦᠪᠥᠷᠢ ᠣᠯᠭᠤᠨ᠎ᠠ᠃ ᠲᠤᠰᠢᠶᠠᠯ ᠳᠠᠭᠠᠨ ᠲᠡᠩᠴᠡᠭᠰᠡᠨ ᠬᠢᠯᠢ ᠶᠢᠨ ᠬᠠᠮᠠᠭᠠᠯᠠᠭᠴᠢ ᠪᠠᠷ ᠦᠨᠡᠯᠡᠨ ᠲᠣᠭᠲᠠᠭᠠᠵᠤ᠂ ᠠᠮᠵᠢᠯᠲᠠ ᠪᠦᠲᠦᠮᠵᠢ ᠶᠢᠨ ᠨᠥᠬᠦᠪᠥᠷᠢ ᠶᠢ ᠵᠢᠯ ᠪᠦᠷᠢ ᠬᠥᠮᠦᠨ ᠳᠤ 4000 ᠲᠥᠭᠦᠷᠢᠭ ᠥᠭᠭᠦᠨ᠎ᠡ᠃ ᠲᠤᠰᠢᠶᠠᠯ ᠳᠠᠭᠠᠨ ᠲᠡᠩᠴᠡᠬᠦ ᠦᠭᠡᠢ ᠪᠠᠷ ᠦᠨᠡᠯᠡᠨ ᠲᠣᠭᠲᠠᠭᠠᠭᠰᠠᠨ ᠬᠢᠯᠢ ᠶᠢᠨ ᠬᠠᠮᠠᠭᠠᠯᠠᠭᠴᠢ ᠪᠠᠷ ᠦᠨᠡᠯᠡᠨ ᠲᠣᠭᠲᠠᠭᠠᠵᠤ᠂ ᠠᠮᠵᠢᠯᠲᠠ ᠪᠦᠲᠦᠮᠵᠢ ᠶᠢᠨ ᠨᠥᠬᠦᠪᠥᠷᠢ ᠣᠯᠭᠤᠬᠤ ᠦᠭᠡᠢ᠃ ᠠᠮᠵᠢᠯᠲᠠ ᠪᠦᠲᠦᠮᠵᠢ ᠶᠢᠨ ᠨᠥᠬᠦᠪᠥᠷᠢ ᠶᠢ ᠣᠨ ᠢᠶᠠᠷ ᠣᠯᠭᠤᠬᠤ ᠬᠡᠷᠡᠭᠲᠡᠶ᠃    ︵3︶ ᠱᠠᠩᠨᠠᠨ ᠬᠥᠬᠢᠭᠦᠯᠬᠦ᠃ ᠬᠢᠯᠢ ᠶᠢᠨ ᠬᠠᠮᠠᠭᠠᠯᠠᠭᠴᠢ ᠶᠢᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠳᠡᠭᠡᠳᠦ ᠱᠠᠲᠤᠨ ᠠᠴᠠ ᠬᠠᠮᠢᠶᠠᠷᠤᠯᠲᠠ ᠶᠢᠨ ᠨᠢᠭᠡᠴᠡ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠰᠢᠭᠤᠳ ᠴᠣᠬᠢᠯᠲᠠ ᠥᠭᠬᠦ᠂ ᠵᠥᠷᠢᠴᠡᠯ ᠵᠢᠭᠤᠷᠠᠯᠳᠤᠭᠠᠨ ᠢ ᠬᠠᠪᠰᠤᠷᠤᠨ ᠡᠶᠡᠳᠡᠭᠦᠯᠬᠦ ᠵᠡᠷᠭᠡ ᠶᠢ ᠬᠡᠷᠡᠭᠯᠡᠵᠦ᠂ ᠵᠣᠬᠢᠴᠠᠩᠭᠤᠶ ᠪᠦᠬᠦᠢ ᠴᠢᠮᠡᠭᠡ ᠮᠡᠳᠡᠭᠡ ᠶᠢᠨ ᠵᠠᠷᠤᠳᠠᠯ ᠥᠭᠴᠦ᠂ ᠮᠡᠳᠡᠭᠡ ᠵᠠᠩᠭᠢ ᠶᠢᠨ ᠲᠤᠰᠠᠯᠠᠮᠵᠢ ᠶᠢᠨ ᠪᠠᠷᠢᠮᠵᠢᠶ᠎ᠠ ᠶᠢ 500 ᠲᠥᠭᠦᠷᠢᠭ / ᠵᠤᠷᠪᠤᠰ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠮᠡᠳᠡᠭᠦᠯᠵᠦ᠂ ᠣᠨ ᠢᠶᠠᠷ ᠨᠢᠭᠡᠳᠦᠯᠲᠡᠶ ᠲᠥᠯᠥᠪᠯᠡᠨ ᠥᠭᠴᠦ ᠣᠯᠭᠤᠬᠤ ᠬᠡᠷᠡᠭᠲᠡᠶ᠃    ︵4︶ ᠳᠣᠤᠷᠠᠬᠢ ᠪᠠᠶᠢᠳᠠᠯ ᠲᠠᠢ ᠪᠣᠯ ᠴᠠᠯᠢᠩ ᠨᠥᠬᠦᠪᠥᠷᠢ ᠣᠯᠭᠤᠬᠤ ᠶᠢ ᠨᠢ ᠵᠣᠭᠰᠣᠭᠠᠬᠤ ᠬᠡᠷᠡᠭᠲᠡᠶ᠄ 1. ᠨᠠᠰᠤ ᠪᠠᠷᠠᠭᠰᠠᠨ ᠬᠥᠮᠦᠨ ᠪᠤᠶᠤ ᠡᠪᠡᠳᠴᠢᠨ ᠡᠮᠭᠡᠭ᠂ ᠰᠠᠨᠠᠭᠠᠨ ᠳᠤ ᠦᠭᠡᠶ ᠠᠳᠡᠯ ᠠᠴᠠ ᠪᠣᠯᠵᠤ ᠦᠬᠦᠭᠰᠡᠨ ᠪᠣᠯ ᠲᠤᠰ ᠰᠠᠷ᠎ᠠ ᠶᠢᠨ 20᠎ ᠤ ᠡᠳᠦᠷ ᠠᠴᠠ ᠡᠮᠦᠨ᠎ᠡ ᠲᠤᠰ ᠰᠠᠷ᠎ᠠ ᠳᠤ ᠨᠥᠬᠦᠪᠥᠷᠢ ᠶᠢ ᠣᠯᠭᠤᠬᠤ ᠪᠠᠨ ᠵᠣᠭᠰᠤᠭᠠᠨ᠂ 20 ᠡᠳᠦᠷ ᠠᠴᠠ ᠳᠠᠷᠠᠭ᠎ᠠ ᠰᠠᠷ᠎ᠠ ᠨᠢ ᠤᠷᠢᠵᠤ ᠬᠡᠷᠡᠭᠯᠡᠬᠦ ᠶᠢ ᠨᠢ ᠵᠣᠭᠰᠣᠭᠠᠵᠤ᠂ ᠳᠠᠷᠠᠭ᠎ᠠ ᠰᠠᠷ᠎ᠠ ᠳᠤ ᠨᠥᠬᠦᠪᠥᠷᠢ ᠣᠯᠭᠤᠬᠤ ᠶᠢ ᠨᠢ ᠵᠣᠭᠰᠣᠭᠠᠬᠤ ᠬᠡᠷᠡᠭᠲᠡᠶ᠃ 2. ᠬᠠᠤᠯᠢ ᠴᠠᠭᠠᠵᠠ ᠲᠠᠢ ᠵᠥᠷᠢᠴᠡᠭᠰᠡᠨ ᠠᠴᠠ ᠪᠣᠯᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠶ᠋ᠳᠪᠦᠷᠢᠯᠡᠭᠳᠡᠭᠴᠢ ᠶᠢ ᠲᠤᠰ ᠰᠠᠷ᠎ᠠ ᠳᠤ ᠤᠷᠢᠨ ᠬᠡᠷᠡᠭᠯᠡᠬᠦ ᠶᠢ ᠨᠢ ᠵᠣᠭᠰᠣᠭᠠᠵᠤ᠂ ᠨᠥᠬᠦᠪᠥᠷᠢ ᠥᠭᠬᠦ ᠶᠢ ᠨᠢ ᠵᠣᠭᠰᠣᠭᠠᠬᠤ ᠬᠡᠷᠡᠭᠲᠡᠶ᠃    ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠭᠠᠳᠠᠭᠠᠲᠤ ᠶᠠᠪᠤᠳᠠᠯ ᠤᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号