ᠰᠠᠶᠢᠬᠠᠨᠲᠤᠤᠷᠠᠢ ᠰᠤᠮᠤᠨ ᠠᠴᠠ ᠭᠠᠮᠰᠢᠭᠳᠠᠭᠰᠠᠨ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2024/7/23
    6 ᠰᠠᠷ᠎ᠠ ᠶᠢᠨ 29᠎ ᠤ ᠡᠳᠦᠷ ᠠᠭᠠᠳᠠᠷ ᠪᠣᠷᠣᠭᠠᠨ ᠠᠴᠠ ᠪᠣᠯᠤᠭᠰᠠᠨ ᠠᠭᠤᠯᠠᠨ ᠦᠶᠡᠷ ᠤᠨ ᠭᠠᠮᠰᠢᠭ ᠲᠤ ᠰᠠᠶᠢᠬᠠᠨᠲᠤᠤᠷᠠᠢ ᠰᠤᠮᠤᠨ ᠤ ᠮᠦᠩᠭᠦᠳᠦ ᠭᠠᠴᠠᠭᠠᠨ ᠤ ᠮᠠᠯᠴᠢᠨ ᠬᠦᠴᠦᠲᠦ ᠶᠢᠨ ᠬᠢᠨ ᠬᠦᠨᠳᠦ ᠨᠣᠴᠢᠲᠠᠶ ᠠᠵᠤ ᠠᠬᠤᠶ ᠶᠢᠨ ᠬᠤᠬᠢᠷᠠᠯ ᠳᠤ ᠤᠴᠠᠷᠠᠪᠠ᠃ ᠬᠤᠨᠢᠨ ᠤ ᠰᠦᠷᠦᠭ᠂ ᠬᠤᠨᠢᠨ ᠤ ᠬᠠᠰᠢᠶ᠎ᠠ ᠵᠢᠴᠢ ᠲᠡᠵᠢᠭᠡᠯ ᠡᠪᠡᠰᠦ ᠨᠢ ᠪᠦᠷ ᠠᠳᠠᠯᠢ ᠪᠤᠰᠤ ᠬᠡᠮᠵᠢᠶᠡᠨ ᠤ ᠬᠤᠬᠢᠷᠠᠯ ᠳᠤ ᠤᠴᠠᠷᠠᠭᠰᠠᠨ ᠪᠠᠶᠢᠨ᠎ᠠ᠃ ᠭᠠᠮᠰᠢᠭᠳᠠᠭᠰᠠᠨ ᠪᠠᠶᠢᠳᠠᠯ ᠢ ᠭᠦᠨᠵᠡᠭᠡᠶ ᠣᠶᠢᠯᠠᠭᠠᠭᠰᠠᠨ ᠪᠥᠭᠡᠳ ᠨᠠᠮ ᠤᠨ ᠬᠤᠷᠢᠶᠠᠨ ᠤ ᠭᠦᠨ ᠬᠠᠯᠠᠮᠵᠢᠯᠠᠯ ᠢ ᠢᠯᠡᠳᠬᠡᠬᠦ ᠶᠢᠨ ᠲᠥᠯᠥᠭᠡ᠂ 7 ᠰᠠᠷ᠎ᠠ ᠶᠢᠨ 16᠎ ᠤ ᠡᠳᠦᠷ᠂ ᠰᠠᠶᠢᠬᠠᠨᠲᠤᠤᠷᠠᠶ ᠰᠤᠮᠤᠨ ᠤ ᠨᠠᠮ ᠤᠨ ᠬᠤᠷᠢᠶᠠᠨ ᠤ ᠱᠦᠵᠢ ᠡᠷᠳᠡᠨᠢᠴᠢᠮᠡᠭ ᠰᠤᠮᠤᠨ ᠤ ᠪᠠᠭ ᠤᠨ ᠪᠦᠷᠢᠯᠳᠦᠬᠦᠨ ᠵᠢᠴᠢ ᠭᠠᠴᠠᠭᠠᠨ ᠤ ᠬᠤᠶᠠᠷ ᠵᠥᠪᠯᠡᠯ ᠢ ᠳᠠᠭᠠᠭᠤᠯᠤᠨ ᠬᠦᠷᠴᠦ ᠪᠣᠯᠭᠤᠭᠠᠨ ᠲᠣᠬᠤᠨᠢᠭᠤᠯᠪᠠ᠃    ︽ᠦᠶᠡᠷ ᠲᠤ ᠤᠷᠤᠰᠤᠭᠳᠠᠨ ᠶᠠᠪᠤᠭᠰᠠᠨ 40 ᠬᠤᠨᠢ ᠶᠢ ᠡᠷᠢᠵᠦ ᠣᠯᠣᠭᠰᠠᠨ ᠤᠤ︖ ᠬᠤᠨᠢᠨ ᠬᠠᠰᠢᠶ᠎ᠠ ᠶᠢ ᠵᠠᠰᠠᠭᠠᠳ ᠠᠯᠢ ᠠᠯᠬᠤᠮ ᠪᠣᠯᠴᠢᠪᠠ︖ ᠡᠪᠦᠯ ᠳᠡᠭᠡᠨ ᠴᠠᠬᠢᠯᠭᠠᠨ ᠬᠡᠷᠡᠭᠯᠡᠳᠡᠭ ᠤᠤ︖ ᠣᠳᠣ ᠬᠤᠨᠢᠨ ᠤ ᠡᠪᠡᠰᠦ ᠪᠣᠷᠳᠤᠭ᠎ᠠ ᠭᠦᠢᠴᠡᠨ᠎ᠡ ᠦᠦ︖︾ ᠬᠡᠵᠦ ᠡᠷᠳᠡᠨᠢᠴᠢᠮᠡᠭ ᠭᠠᠮᠰᠢᠭᠳᠠᠭᠰᠠᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ ᠭᠡᠷ ᠪᠦᠯᠢ ᠶᠢᠨ ᠠᠮᠤᠷ ᠲᠦᠪᠰᠢᠨ ᠢ ᠠᠩᠬᠠᠷᠴᠤ᠂ ᠠᠶᠤᠯ ᠠᠴᠠ ᠵᠠᠶᠢᠯᠠᠬᠤ᠂ ᠭᠠᠮᠰᠢᠭ ᠠᠴᠠ ᠵᠠᠶᠢᠯᠠᠬᠤ᠂ ᠥᠪᠡᠷ ᠢ ᠪᠠᠨ ᠠᠪᠤᠷᠠᠬᠤ ᠵᠢᠴᠢ ᠠᠭᠤᠯᠠᠨ ᠦᠶᠡᠷ ᠢᠷᠡᠪᠡᠯ ᠬᠡᠷᠬᠢᠨ ᠬᠠᠷᠢᠯᠴᠠᠨ ᠠᠪᠤᠷᠠᠬᠤ ᠲᠤᠬᠠᠶ ᠮᠡᠳᠡᠯᠭᠡ ᠶᠢ ᠢᠳᠡᠪᠬᠢᠲᠡᠶ ᠪᠠᠷ ᠤᠬᠠᠭᠤᠯᠬᠤ ᠶᠢᠨ ᠬᠠᠮᠲᠤ ᠭᠠᠮᠰᠢᠭᠳᠠᠭᠰᠠᠨ ᠮᠠᠯᠴᠢᠳ ᠲᠤ 1 ᠲᠣᠨ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠬᠦᠷᠭᠡᠵᠦ᠂ ᠲᠡᠳᠡᠨ ᠢ ᠬᠠᠪᠰᠤᠷᠤᠨ ᠪᠠᠴᠢᠮ ᠪᠠᠶᠢᠳᠠᠯ ᠢ ᠨᠢ ᠰᠢᠢᠳᠪᠦᠷᠢᠯᠡᠵᠦ᠂ ᠳᠡᠭᠡᠳᠦ ᠱᠠᠲᠤᠨ ᠤ ᠨᠢᠭᠡᠴᠡ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ ᠳᠠᠬᠢᠨ ᠣᠨᠣᠪᠴᠢᠲᠠᠶ ᠭᠠᠮᠰᠢᠭ ᠠᠴᠠ ᠠᠪᠤᠷᠠᠬᠤ ᠠᠷᠭ᠎ᠠ ᠬᠡᠮᠵᠢᠶ᠎ᠡ ᠠᠪᠤᠨ᠎ᠠ ᠭᠡᠵᠦ ᠵᠠᠬᠢᠪᠠ᠃    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠭᠠᠮᠰᠢᠭᠳᠠᠭᠰᠠᠨ ᠣᠯᠠᠨ ᠲᠦᠮᠡᠨ ᠳᠤ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠺᠠᠳ᠋ᠷ ᠣᠯᠠᠨ ᠲᠦᠮᠡᠨ ᠤ ᠬᠤᠭᠤᠷᠣᠨᠳᠣᠬᠢ ᠬᠠᠷᠢᠴᠠᠭ᠎ᠠ ᠶᠢ ᠤᠯᠠᠮ ᠨᠢᠭᠡ ᠠᠯᠬᠤᠮ ᠣᠶᠢᠷᠠᠲᠤᠭᠤᠯᠪᠠ᠃ ᠲᠠᠷᠠᠭᠠᠴᠢ ᠶᠢᠨ ᠠᠯᠬᠤᠮ ᠳᠤ᠂ ᠰᠠᠶᠢᠬᠠᠨᠲᠤᠤᠷᠠᠢ ᠰᠤᠮᠤ ᠦᠷᠭᠦᠯᠵᠢᠯᠡᠨ‌ᠡᠷᠦᠬᠡ ᠳᠤ ᠣᠷᠣᠵᠤ ᠰᠤᠷᠪᠤᠯᠵᠢᠯᠠᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠲᠦᠮᠡᠨ ᠤ ᠶᠠᠷᠢᠶ᠎ᠠ ᠶᠢ ᠰᠤᠨᠤᠰᠤᠨ᠂ ᠬᠦᠴᠢᠷ ᠵᠤᠪᠠᠨᠢᠯ ᠢ ᠰᠢᠢᠳᠪᠦᠷᠢᠯᠡᠨ ᠦᠭᠭᠦᠨ᠎ᠡ᠃
 
ᠢᠷᠡᠯᠲᠡ᠄ ᠰᠠᠶᠢᠬᠠᠨᠲᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号