ᠲᠤᠯᠤᠭᠠᠨ ᠰᠠᠷ᠎ᠠ ᠶᠢᠨ ᠡᠵᠡᠨ᠎ᠡ ᠤᠷᠬᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠲᠣᠣᠷᠠᠢ ᠶᠢᠨ ᠤᠯᠢᠶᠠᠰᠤ | ᠬᠥᠬᠡᠷᠡᠨ ᠨᠤᠭᠤᠭᠠᠷᠠᠨ᠎ᠠ᠂ ᠲᠤᠯᠤᠭᠠᠨ ᠰᠠᠷ᠎ᠠ ᠶᠢᠨ ᠪᠠᠶᠠᠨᠳᠤᠤᠷᠠᠢ ᠭᠤᠸ᠎ᠠ ᠵᠢᠮᠢᠰ ᠤᠨ ᠬᠦᠷᠢᠶᠡᠯᠡᠩ ᠢᠶᠠᠷ ᠳᠦᠭᠦᠷᠴᠦ ᠂ | ᠠᠩᠬᠢᠯᠤᠮ᠎ᠠ ᠰᠠᠶᠢᠬᠠᠨ ᠦᠨᠦᠷ ᠰᠠᠩᠬᠢᠨᠠᠨ ᠬᠠᠩᠬᠤᠯᠤᠨ᠎ᠠ ᠃ 7 ᠰᠠᠷ᠎ᠠ ᠶᠢᠨ 13 ᠤ ᠡᠳᠦᠷ ᠂ ᠪᠠᠶᠠᠨᠳᠤᠤᠷᠠᠢ | ᠰᠤᠮᠤ ᠶᠢᠨ ᠳᠣᠯᠣᠳᠤᠭᠠᠷ ᠬᠤᠭᠤᠴᠠᠭᠠᠨ ᠤ ᠠᠩᠬᠠᠳᠤᠭᠠᠷ ᠬᠤᠭᠤᠴᠠᠭᠠᠨ ᠤ ︽ ᠴᠤᠭᠯᠠᠭᠠᠨ ᠮᠠᠶᠢᠮᠠᠢ ᠳᠤ ᠣᠴᠢᠬᠤ | ᠡᠳᠦᠷ ︾ ᠤᠨ ᠠᠵᠢᠯᠯᠠᠭ᠎ᠠ ᠪᠣᠯᠵᠤᠭ᠎ᠠ ᠶᠣᠰᠣᠭᠠᠷ ᠢᠶᠠᠨ ᠶᠠᠪᠤᠭᠳᠠᠵᠤ ᠂ 2024 ᠣᠨ ᠤ ᠡᠵᠠᠨ᠎ᠠ ᠬᠤᠰᠢᠭᠤᠨ ᠤ | ᠵᠤᠨ ᠤ ᠤᠯᠠᠷᠢᠯ ᠤᠨ ᠲᠤᠰᠬᠤᠨ ᠤ ᠦᠳᠡᠰᠢᠯᠡᠭᠡ ᠶᠢ ᠭᠤᠶᠢᠳᠠ ᠰᠠᠶᠢᠬᠠᠨ ᠲᠣᠭᠯᠠᠵᠤ ᠂ ᠠᠭᠠᠭᠢᠮ᠎ᠠ ᠬᠠᠯᠠᠭᠤᠨ | ᠵᠤᠨ ᠤ ᠤᠯᠠᠷᠢᠯ ᠳᠤ ᠤᠯᠠᠨ ᠳᠤ ᠪᠠᠶᠠᠷ ᠬᠦᠷ ᠲᠠᠢ ᠠᠮᠢᠳᠤᠷᠠᠯ ᠤᠨ ︽ ᠰᠢᠨ᠎ᠡ ᠥᠩᠭᠡᠷᠡᠯᠲᠡ ︾ ᠶᠢ ᠡᠬᠢᠯᠡᠭᠦᠯᠵᠡᠢ ᠃ | ᠬᠠᠷᠠᠭ᠎ᠠ ᠲᠦᠬᠦᠷᠠᠩ ᠦᠪᠡᠳᠡᠭᠰᠢ ᠴᠤᠭᠯᠠᠭᠠᠨ ᠳᠤ ᠵᠠᠪᠳᠤᠨ ᠬᠦᠷᠴᠦ᠂ ᠲᠤᠭᠤᠰᠤᠳᠤ ᠶᠢᠷᠳᠢᠨᠴᠤ ᠤᠨ ᠦᠨᠢᠷ | ᠠᠮᠳᠠ ᠶᠢ ᠡᠳ᠋ᠯᠠᠨ᠎ᠠ | ︽ᠬᠠᠰᠢ᠂ ᠪᠤᠷᠴᠠᠭ᠂ ᠲᠥᠪᠡᠳ ᠬᠠᠰᠢ ᠁ ᠥᠷᠯᠥᠭᠡ ᠶᠢᠨ ᠲᠡᠭᠦᠭᠰᠡᠨ ᠨᠣᠭᠤᠭ᠎ᠠ ᠶᠢ ᠡᠨᠡᠭᠦᠷ | ᠥᠩᠭᠡᠷᠡᠬᠦ ᠳᠡᠭᠡᠨ ᠪᠢᠲᠡᠭᠡᠢ ᠠᠯᠳᠠᠴᠢᠬᠠ ᠁︾᠃ ᠥᠷᠯᠥᠭᠡ ᠶᠢᠨ ᠠᠩᠬᠠᠨ ᠤ ᠦᠷ ᠤᠨ ᠲᠤᠶᠠᠭ᠎ᠠ ᠶᠢ | ᠳᠠᠭᠠᠯᠳᠤᠨ᠂ ᠳᠣᠯᠣᠳᠤᠭᠠᠷ ᠬᠤᠭᠤᠴᠠᠭᠠᠨ ᠤ ᠠᠩᠬᠠᠳᠠᠭᠴᠢ ︽ᠴᠤᠭᠯᠠᠭᠠᠨ ᠮᠠᠶᠢᠮᠠᠢ ᠳᠤ ᠣᠴᠢᠬᠤ ᠡᠳᠦᠷ︾ ᠤᠨ | ᠠᠵᠢᠯᠯᠠᠭ᠎ᠠ ᠵᠢᠩᠬᠢᠨᠢ ᠪᠠᠷ ᠡᠬᠢᠯᠡᠵᠦ᠂ ᠣᠷᠭᠢᠯᠤᠮ᠎ᠠ ᠬᠠᠯᠠᠭᠤᠨ ᠰᠠᠳᠬᠢᠯᠳᠤ ᠬᠠᠰᠬᠢᠷᠤᠯᠳᠠ ᠂ ᠬᠥᠭᠵᠢᠶᠡᠨ | ᠨᠠᠷᠬᠢᠶᠠᠨᠳᠠᠢ ᠬᠥᠮᠥᠰ ᠂ ᠭᠡᠷ ᠤᠨ ᠡᠭᠦᠳᠡᠨ ᠳᠠᠬᠢ ᠥᠳᠬᠡᠨ ᠠᠭᠤᠷ ᠠᠮᠢᠰᠬᠤᠯ ᠢ ᠳᠡᠭᠳᠡᠭᠡᠪᠡ᠃ ᠴᠤᠭᠯᠠᠭ᠎ᠠ | ᠮᠠᠶᠢᠮᠠᠢ ᠳᠤ᠂ ᠰᠠᠯᠬᠢᠨ ᠤ ᠠᠶ᠎ᠠ ᠪᠠᠷ ᠨᠠᠮᠢᠷᠠᠭᠰᠠᠨ ᠥᠩᠭᠡᠲᠦ ᠲᠤᠭ᠂ ᠰᠢᠨ᠎ᠡ ᠰᠣᠷᠭᠤᠭ ᠴᠢᠨᠠᠷ ᠰᠠᠶᠢᠲᠠᠢ ᠭᠤᠸ᠎ᠠ | ᠵᠢᠮᠢᠰ ᠢᠳᠡᠰᠢᠨ ᠨᠣᠭᠤᠭ᠎ᠠ᠂ ᠰᠣᠷᠭᠤᠭ ᠪᠤᠯᠪᠠᠷᠠᠢ ᠲᠤᠬᠠᠢ ᠶᠢᠨ ᠭᠠᠵᠠᠷ ᠤᠨ ᠵᠢᠭᠦᠷᠲᠡᠨ ᠤ ᠮᠢᠬ᠎ᠠ᠂ ᠠᠮᠲᠠᠲᠠᠢ | ᠮᠥᠷᠲᠡᠭᠡᠨ ᠬᠢᠮᠳᠠ ᠥᠪᠡᠷᠮᠢᠴᠡ ᠣᠨᠴᠠᠯᠢᠭ ᠲᠠᠢ ᠵᠢᠵᠢᠭ ᠢᠳᠡᠭᠡᠨ᠂ ᠶᠠᠩᠵᠤ ᠪᠦᠷᠢ ᠶᠢᠨ ᠬᠠᠴᠢᠨ ᠰᠣᠨᠢᠨ ᠴᠢᠯᠠᠭᠤ᠂ | ᠥᠪᠡᠷᠮᠢᠴᠡ ᠤᠷᠠᠨ ᠨᠠᠷᠢᠯᠢᠭ ᠭᠠᠷ ᠤᠷᠠᠯᠠᠯ ᠤᠨ ᠡᠳ᠋ ᠵᠡᠷᠭᠡ ᠨᠢ ᠨᠠᠩ ᠤᠯᠠᠨ ᠰᠠᠭᠤᠭᠠᠯᠢ ᠠᠷᠠᠳ᠂ | ᠵᠤᠭᠠᠴᠠᠭᠰᠠᠳ ᠤᠨ ᠠᠩᠬᠠᠷᠤᠯ ᠢ ᠲᠠᠲᠠᠵᠤ ᠂ ᠡᠶᠡᠪᠡᠷᠭᠦᠦ ᠨᠡᠷᠡᠨ ᠤ ᠭᠡᠷᠡᠯ ᠳᠣᠣᠷ᠎ᠠ ᠂ ᠵᠢᠪᠦᠮᠡᠯ ᠮᠠᠶ᠋ᠢᠭ ᠤᠨ ᠥᠩᠭᠡ | ᠢᠯᠭᠠᠷᠠᠭᠰᠠᠨ ᠶᠡᠭᠡ ᠴᠤᠭᠯᠠᠷᠠᠯ ᠢ ᠪᠡᠶᠡᠴᠢᠯᠡᠨ ᠤᠶᠢᠯᠭᠠᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ | ᠠᠭᠤᠰᠤᠯᠴᠠᠭᠰᠠᠨ ᠬᠥᠮᠥᠰ ᠤᠨ ᠬᠦᠷᠢᠶᠡᠯᠡᠯ ᠢ ᠣᠯᠵᠤ ᠂ ᠦᠨᠦᠷ ᠠᠮᠲᠠ ᠲᠠᠢ ᠥᠪᠡᠷᠮᠢᠴᠡ ᠣᠨᠴᠠᠯᠢᠭ ᠲᠠᠢ ᠠᠮᠲᠠᠲᠤ | ᠢᠳᠡᠭᠡᠨ ᠢ ᠠᠮᠳᠠᠯᠠᠵᠤ᠂ ᠡᠳ᠋ ᠨᠢ ᠰᠠᠶᠢᠨ ᠦᠨ᠎ᠡ ᠨᠢ ᠬᠢᠮᠳᠠ ᠰᠢᠯᠢᠳᠡᠭ ᠪᠦᠲᠦᠭᠡᠭᠳᠡᠬᠦᠨ ᠢ ᠡᠳ᠋ᠯᠡᠨ᠎ᠡ ᠃ | ︽ ᠲᠣᠰᠬᠤᠨ ᠤ ᠦᠳᠠᠰᠢᠯᠡᠭᠡ︾ ᠬᠥᠳᠡᠭᠡ ᠲᠣᠰᠬᠤᠨ ᠤ ᠪᠠᠶᠢᠳᠠᠯ ᠢ ᠠᠴᠢᠶᠠᠯᠠᠵᠤ ᠂ ︽ ᠰᠢᠭᠤᠳ | ᠨᠡᠪᠲᠡᠷᠡᠭᠦᠯᠭᠡ ︾ ᠬᠡᠷᠡᠯ ᠰᠠᠴᠤᠷᠠᠩᠭᠤᠢ ᠪᠠᠷ ᠪᠠᠳᠠᠷᠠᠨ ᠳᠡᠯᠭᠡᠷᠡᠪᠡ | ᠰᠣᠶᠣᠯ ᠵᠤᠭᠠᠴᠠᠯ ᠤᠨ ᠶᠠᠮᠤᠨ ᠤ ᠨᠡᠶᠢᠲᠡᠯᠡᠭᠰᠡᠨ ᠪᠦᠬᠦ ᠤᠯᠤᠰ ᠤᠨ ︽ ᠳᠦᠷᠪᠡᠨ ᠤᠯᠠᠷᠢᠯ ᠤᠨ ᠲᠣᠰᠬᠤᠨ ᠤ | ᠦᠳᠠᠰᠢᠯᠡᠭᠡ︾ ᠶᠢᠨ ᠵᠢᠱᠢᠶ᠎ᠡ ᠦᠵᠡᠭᠦᠯᠦᠯᠭᠡ ᠶᠢᠨ ᠠᠵᠢᠯᠯᠠᠭ᠎ᠠ ᠶᠢᠨ ᠨᠢᠭᠡ ᠪᠤᠯᠬᠤ ᠂ ︽ ᠡᠪ ᠨᠠᠶᠢᠷᠠᠮᠳᠠᠭᠤ ᠬᠥᠳᠡᠭᠡ | ᠲᠣᠰᠬᠤᠨ · ᠡᠭᠦᠳᠡᠨ ᠡᠮᠦᠨᠠᠬᠢ ᠲᠣᠰᠬᠤᠨ ᠤ ᠦᠳᠠᠰᠢᠯᠡᠭᠡ︾ 2024 ᠣᠨ ᠤ ᠡᠵᠡᠨ᠎ᠡ ᠬᠤᠰᠢᠭᠤᠨ ᠤ ᠵᠤᠨ ᠤ | ᠤᠯᠠᠷᠢᠯ ᠤᠨ ᠲᠣᠰᠬᠤᠨ ᠤ ᠦᠳᠠᠰᠢᠯᠡᠭᠡ ᠶᠢᠨ ᠲᠣᠭᠯᠠᠯᠲᠠ ᠠᠳᠡ ᠭᠤᠶᠢᠳᠠ ᠰᠠᠶᠢᠬᠠᠨ ᠶᠠᠪᠤᠬᠳᠠᠯ᠎ᠠ᠃ ᠤᠡᠭᠭᠤᠴᠠ | ᠶᠢᠨ ᠲᠤᠤᠷᠠᠢ ᠭᠠᠴᠠᠭ᠎ᠠ ᠶᠢᠨ ᠨᠢᠬᠳᠠᠷᠠᠯ ᠪᠦᠯᠬᠦᠮᠳᠠᠯ ᠤᠨ ᠬᠦᠳᠡᠭᠡ ᠲᠣᠰᠬᠤᠨ ᠤ ᠲᠤᠬᠯᠠᠯᠳᠠ ᠶᠢᠨ ᠲᠠᠶᠢᠰᠠᠨ | ᠳᠡᠭᠡᠷ᠎ᠡ ᠂ ᠲᠠᠭᠤᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ᠪᠦᠵᠢᠭ ︽ᠳᠤᠮᠳᠠᠳᠤ ᠶᠢᠨ ᠭᠡᠷ | ᠪᠦᠯᠢ ᠶᠢᠨ ᠪᠤᠶᠠᠨ︾᠂ ︽ᠮᠣᠷᠢᠨ ᠲᠡᠷᠭᠡᠨ ᠬᠡᠯᠢᠬᠦ ︾᠂ ᠬᠥᠭᠵᠢᠮ ᠤᠨ ᠲᠣᠭᠯᠠᠯᠲᠠ ︽ᠴᠢᠮ᠎ᠠ ᠶᠢ ᠵᠢᠷᠤᠶ᠎ᠠ︾᠂ | ᠱᠠᠨᠰᠢ ᠵᠦᠴᠤᠬᠡ ︽ᠰᠢ ᠬᠤ᠋ ᠨᠠᠭᠤᠷ ᠤᠨ ᠠᠭᠤᠯᠠ ᠤᠰᠤ︾᠂ ᠬᠤᠪᠴᠠᠰᠤ ᠵᠠᠰᠠᠯ ᠤᠨ ᠦᠵᠡᠭᠦᠯᠦᠯᠭᠡ ︽ᠡᠯᠪᠡᠭ | ᠬᠤᠷᠢᠶᠠᠯᠲᠠ ᠶᠢ ᠪᠠᠶᠠᠷᠯᠠᠨ ᠪᠡᠯᠭᠡᠯᠡᠶ᠎ᠡ︾ ᠵᠡᠷᠭᠡ ᠨᠤᠲᠤᠭ ᠤᠨ ᠣᠨᠴᠠᠯᠢᠭ ᠲᠠᠢ ᠠᠷᠪᠠᠨ ᠬᠡᠳᠦᠨ ᠤᠷᠠᠨ ᠰᠠᠶᠢᠬᠠᠨ ᠤ | ᠲᠣᠭᠯᠠᠯᠲᠠ ᠡᠭᠡᠯᠵᠢᠯᠡᠨ ᠲᠣᠭᠯᠠᠵᠤ᠂ ᠬᠥᠳᠡᠭᠡ ᠲᠣᠰᠬᠤᠨ ᠤ ᠭᠤᠶᠢᠳᠠ ᠰᠠᠶᠢᠬᠠᠨ᠂ ᠠᠵᠤ ᠦᠢᠯᠡᠰ ᠤᠨ ᠬᠥᠭᠵᠢᠯ | ᠪᠠᠳᠠᠷᠠᠯ ᠲᠠᠢ᠂ ᠠᠷᠠᠳ ᠢᠷᠭᠡᠳ ᠤᠨ ᠪᠠᠶᠠᠷ ᠪᠠᠶᠠᠰᠤᠯ ᠲᠠᠢ ᠠᠮᠢᠳᠤᠯᠢᠭ ᠵᠢᠷᠤᠭ ᠤᠳ ᠢ ᠳᠡᠯᠭᠡᠨ ᠦᠵᠡᠭᠦᠯᠦᠭᠰᠡᠨ | ᠪᠠᠶᠢᠨ᠎ᠠ᠃ ᠵᠤᠨ ᠤ ᠤᠯᠠᠷᠢᠯ ᠤᠨ ᠲᠣᠰᠬᠤᠨ ᠤ ᠦᠳᠠᠰᠢᠯᠡᠭᠡ ᠨᠢ ᠤᠯᠤᠰ ᠤᠨ ᠰᠣᠶᠣᠯ ᠵᠤᠭᠠᠴᠠᠯ ᠤᠨ ᠶᠠᠮᠤᠨ ᠤ ︽ | ᠤᠯᠤᠰ ᠤᠨ ᠤᠯᠠᠨ ᠨᠡᠶᠢᠲᠡ ᠶᠢᠨ ᠰᠣᠶᠣᠯ ︾ ᠂ ︽ ᠲᠠᠬᠦᠯᠢᠯᠳᠠ ᠬᠠᠮ ᠵᠠᠭᠤᠴᠢᠯᠠᠭᠤᠷ ︾ ᠤᠨ ᠸᠢᠳᠢᠤ᠋ ᠲᠠᠪᠴᠠᠩ᠂ | ︽ ᠡᠵᠡᠨ᠎ᠡ ᠬᠠᠮ ᠵᠠᠭᠤᠴᠢᠯᠠᠭᠤᠷ ︾ ᠤᠨ ᠲᠢᠺ ᠲᠤᠺ ᠲᠠᠪᠴᠠᠩ᠂ ︽ ᠡᠵᠡᠨ᠎ᠡ ᠬᠤᠰᠢᠭᠤᠨ ᠤ ᠬᠠᠮ | ᠵᠠᠭᠤᠴᠢᠯᠠᠭᠤᠷ ᠤᠨ ᠲᠥᠪ ︾ ᠤᠨ ᠸᠢᠳᠢᠤ᠋ ᠲᠠᠪᠴᠠᠩ ᠵᠡᠷᠭᠡ ᠲᠠᠪᠴᠠᠩ ᠢᠶᠠᠷ ᠪᠦᠬᠦ ᠶᠠᠪᠤᠴᠠ ᠶᠢ ᠰᠢᠭᠤᠳ | ᠨᠠᠪᠲᠠᠷᠡᠭᠦᠯᠵᠦ ᠂ ᠪᠦᠬᠦ ᠰᠦᠯᠵᠢᠶ᠎ᠡ ᠶᠢ 25 ᠲᠦᠮᠡᠨ ᠬᠥᠮᠥᠨ ᠤᠳᠠᠭ᠎ᠠ ᠰᠣᠨᠢᠷᠬᠠᠵᠤ ᠂ ᠨᠡᠩ ᠤᠯᠠᠨ ᠬᠥᠮᠥᠨ ᠳᠤ | ᠪᠠᠶᠠᠨᠳᠤᠤᠷᠠᠢ ᠶᠢᠨ ᠥᠪᠡᠷᠮᠢᠴᠡ ᠵᠠᠩ ᠦᠢᠯᠡ ᠶᠢ ᠭᠡᠷᠡᠴᠢᠯᠡᠵᠡᠢ ᠃ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠰᠠᠶᠢᠨ ᠳᠤᠷ᠎ᠠ ᠶᠢᠨ ᠵᠣᠷᠢᠭ | ᠰᠠᠨᠠᠭ᠎ᠠ ᠶᠢ ᠤᠯᠠᠮᠵᠢᠯᠠᠨ᠎ᠠ | ᠠᠯᠤᠰ ᠠᠴᠠ ᠪᠠᠷᠠᠯᠠᠬᠤᠶ᠎ᠠ ᠂ ᠴᠤᠭᠯᠠᠭ᠎ᠠ ᠮᠠᠶᠢᠮᠠᠢ ᠶᠢᠨ ᠵᠡᠭᠡᠯᠢ ᠭᠤᠳᠤᠮᠵᠢ ᠳᠤ ᠬᠦᠷ ᠬᠥᠭᠵᠢᠶᠡᠨ ᠲᠠᠢ | ᠶᠠᠭᠠᠷᠠᠯᠲᠠᠢ ᠪᠠᠶᠢᠳᠠᠯ ᠢᠯᠡᠷᠡᠵᠦ ᠂ ᠰᠤᠮᠤ ᠶᠢᠨ ᠺᠠᠳ᠋ᠷ ᠠᠵᠢᠯᠲᠠᠨ ᠂ ᠰᠠᠶᠢᠨ ᠳᠤᠷ᠎ᠠ ᠶᠢᠨ ᠦᠢᠯᠡᠴᠢᠯᠡᠭᠴᠢᠳ | ᠪᠣᠯᠪᠠᠰᠤᠨ ᠤ ᠳᠠᠭᠠᠭᠤᠯᠤᠭᠴᠢ ᠪᠣᠯᠵᠤ ᠂ ᠰᠠᠭᠤᠭᠠᠯᠢ ᠠᠷᠠᠳ ᠵᠤᠭᠠᠴᠠᠭᠰᠠᠳ ᠢ ᠬᠠᠪᠰᠤᠷᠤᠨ ᠮᠠᠳᠠᠭ ᠲᠠᠢ | ᠠᠰᠠᠭᠤᠳᠠᠯ ᠢ ᠨᠢ ᠲᠠᠶᠢᠯᠪᠤᠷᠢᠯᠠᠵᠤ ᠂ ᠵᠠᠮ ᠱᠤᠭᠤᠮ ᠢ ᠨᠢ ᠵᠢᠭᠠᠨ ᠵᠢᠯᠤᠭᠤᠳᠴᠤ ᠂ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠨ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ | ᠪᠣᠳᠣᠯᠭ᠎ᠠ ᠶᠢ ᠲᠠᠶᠢᠯᠪᠤᠷᠢᠯᠠᠨ ᠥᠭᠴᠦ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ | ᠨᠡᠶᠢᠭᠡᠮ ᠤᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠂ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ | ᠵᠠᠯᠭᠠᠭ᠎ᠠ ᠵᠠᠯᠭᠠᠭ᠎ᠠ ᠪᠠᠷ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠲᠠᠲᠠᠵᠤ᠂ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠶᠢᠰᠦᠳᠦᠭᠡᠷ ᠡᠮᠨᠡᠯᠭᠡ ᠶᠢᠨ ᠲᠥᠪ᠂ | ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ | ᠨᠢ ᠴᠤᠭᠯᠠᠭᠠᠨ ᠳᠤ ᠢᠷᠡᠭᠰᠠᠨ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡ ᠬᠠᠩᠭᠠᠵᠤ᠂ ᠬᠤᠰᠢᠭᠤᠨ ᠤ | ᠬᠠᠤᠯᠢ ᠴᠠᠭᠠᠵᠠ ᠶᠢᠨ ᠲᠣᠪᠴᠢᠶ᠎ᠠ ᠰᠦᠢᠳᠬᠡᠯ ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠯᠠᠪᠯᠠᠯᠲᠠ ᠬᠠᠨᠭ᠍ᠭᠠᠨ ᠂ | ᠠᠷᠠᠳ ᠲᠤ ᠲᠥᠬᠦᠮ ᠦᠵᠡᠭᠦᠯᠬᠦ ᠬᠥᠮᠥᠰ ᠤᠨ ᠰᠡᠳᠬᠢᠯ ᠢ ᠳᠤᠯᠠᠭᠠᠴᠠᠭᠤᠯᠤᠭᠰᠠᠨ ᠦᠢᠯᠡᠴᠢᠯᠡᠭᠡ ᠶᠢ ︽ᠭᠡᠷ ᠤᠨ | ᠡᠭᠦᠳᠡᠨ︾ ᠳᠤ ᠬᠦᠷᠭᠡᠵᠦ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ | ᠪᠡᠶᠡᠯᠡᠭᠦᠯᠪᠡ᠃ | ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠨᠡᠮᠡᠭᠳᠡᠭᠦᠯᠵᠦ᠂ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ | ᠣᠯᠪᠠ | ︽ᠰᠤᠮᠤᠨ ᠤ ᠴᠤᠭᠯᠠᠭᠠᠨ ᠮᠠᠶᠢᠮᠠᠢ ᠳᠤ ᠣᠴᠢᠬᠤ ᠠᠵᠢᠯᠯᠠᠭ᠎ᠠ ᠳᠤ ᠪᠢ ᠬᠤᠭᠤᠴᠠᠭ᠎ᠠ ᠪᠦᠷᠢ ᠣᠷᠣᠯᠴᠠᠳᠠᠭ᠂ | ᠠᠳᠡ ᠪᠢ ᠥᠪᠡᠷ ᠤᠨ ᠳᠠᠷᠢᠭᠰᠠᠨ ᠬᠠᠰᠢ᠂ ᠲᠥᠪᠡᠳ ᠬᠠᠰᠢ ᠪᠠᠨ ᠬᠤᠳᠠᠯᠳᠤᠵᠤ᠂ ᠶᠡᠬᠡᠬᠡᠨ ᠬᠡᠮᠵᠢᠶᠡᠨ ᠳᠤ ᠮᠢᠨᠤ | ᠪᠣᠷᠤᠯᠠᠭᠤᠯᠭ᠎ᠠ ᠶᠢᠨ ᠵᠠᠮ ᠢ ᠥᠷᠭᠡᠳᠬᠡᠵᠦ᠂ ᠵᠥᠪᠬᠡᠨ ᠬᠠᠭᠠᠰ ᠡᠳᠦᠷ ᠤᠨ ᠳᠣᠲᠣᠷ᠎ᠠ ᠮᠢᠨᠤ ᠣᠷᠣᠯᠭ᠎ᠠ 2000 | ᠣᠷᠴᠢᠮ ᠬᠦᠷᠴᠦ ᠴᠢᠳᠠᠭᠰᠠᠨ ᠶᠤᠮ︾ ᠭᠡᠵᠦ ᠰᠤᠮᠤᠨ ᠤ ᠤᠡᠭᠭᠤᠴᠠ ᠶᠢᠨ ᠲᠤᠤᠷᠠᠢ ᠭᠠᠴᠠᠭᠠᠨ ᠤ ᠲᠠᠷᠢᠶᠠᠴᠢᠨ | ᠸᠠᠩ ᠪᠡᠷᠭᠡᠨ ᠢᠨᠢᠶᠡᠮᠰᠦᠭᠯᠡᠨ ᠬᠡᠯᠡᠪᠡ᠃ ︽ᠴᠤᠭᠯᠠᠭ᠎ᠠ ᠮᠠᠶᠢᠮᠠᠢ ᠳᠤ ᠣᠴᠢᠬᠤ ᠡᠳᠦᠷ︾ ᠤᠨ ᠠᠵᠢᠯᠯᠠᠭ᠎ᠠ ᠨᠢ | ᠬᠦᠷᠢᠶᠡᠨ ᠤ ᠠᠵᠤ ᠠᠬᠤᠢ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠯᠴᠢᠨ ᠲᠠᠷᠢᠶᠠᠴᠢᠨ ᠳᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠪᠣᠷᠤᠯᠠᠭᠤᠯᠭ᠎ᠠ ᠶᠢᠨ ᠲᠠᠪᠴᠠᠩ ᠢ ᠪᠠᠶᠢᠭᠤᠯᠤᠨ ᠥᠭᠴᠦ᠂ ᠡᠷᠬᠢᠨ | ᠲᠣᠭᠤᠷᠢᠨ ᠤ ᠰᠤᠮᠤ ᠪᠠᠯᠭᠠᠰᠤ ᠪᠠ ᠭᠠᠳᠠᠨ᠎ᠠ ᠠᠴᠠ ᠢᠷᠡᠭᠰᠡᠨ ᠵᠤᠭᠠᠴᠠᠭᠰᠠᠳ ᠢ 5000 ᠭᠠᠷᠤᠢ ᠬᠥᠮᠥᠨ ᠤᠳᠠᠭ᠎ᠠ | ᠲᠡᠳᠡᠨ ᠠᠪᠴᠢᠷᠠᠵᠤ᠂ 80 ᠭᠠᠷᠤᠢ ᠮᠠᠯᠴᠢᠨ ᠲᠠᠷᠢᠶᠠᠴᠢᠨ ᠡᠷᠦᠬᠡ ᠶᠢᠨ 15 ᠲᠦᠮᠠ ᠭᠠᠷᠤᠢ ᠲᠥᠭᠦᠷᠢᠭ ᠤᠨ | ᠣᠷᠣᠯᠭ᠎ᠠ ᠣᠯᠵᠤ᠂ ᠬᠦᠷᠢᠶᠡᠨ ᠤ ︽ᠵᠢᠵᠢᠭ ᠠᠵᠤ ᠠᠬᠤᠢ︾ ᠪᠠᠷ ᠬᠥᠳᠡᠭᠡ ᠲᠣᠰᠬᠤᠨ ᠤ ︽ᠶᠡᠭᠡ ᠬᠥᠭᠵᠢᠯᠲᠡ︾ | ᠳᠤ ᠬᠦᠴᠦᠨ ᠨᠡᠮᠡᠷᠢᠯᠡᠪᠡ᠃ ᠡᠭᠦᠨ ᠤ ᠬᠠᠮᠲᠤ ᠴᠤᠭᠯᠠᠭᠠᠨ ᠳᠤ ᠣᠴᠢᠬᠤ ᠠᠵᠢᠯᠯᠠᠭ᠎ᠠ ᠨᠢ ᠪᠠᠷᠠᠭᠤᠨ ᠬᠤᠶᠢᠲᠤ ᠶᠢᠨ | ᠦᠨᠳᠦᠰᠦᠲᠡᠨ ᠤ ᠶᠡᠭᠡ ᠰᠤᠷᠭᠠᠭᠤᠯᠢ ᠶᠢᠨ ︽ᠬᠠᠮᠲᠤ ᠶᠢᠨ ᠴᠣᠭᠴᠠ ᠶᠢ ᠪᠠᠲᠤ ᠴᠣᠭᠴᠠᠯᠠᠵᠤ ᠳᠤᠮᠳᠠᠳᠤ ᠶᠢᠨ | ᠦᠨᠳᠤᠰᠤᠳᠠᠨ ᠨᠢᠭᠡ ᠭᠡᠷ ᠮᠠᠳᠤ ᠲᠤᠳᠤᠨᠤ ︾ ᠥᠪᠥᠷ ᠮᠣᠩᠭᠤᠯ ᠤᠨ ᠠᠯᠠᠱᠠ ᠠᠶᠢᠮᠠᠭ ᠲᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠨᠡᠶᠢᠭᠡᠮ ᠤᠨ ᠦᠢᠯᠡᠳᠦᠯᠭᠡ ᠶᠢᠨ ᠪᠦᠯᠬᠦᠮ ᠪᠠ ᠥᠪᠥᠷ ᠮᠣᠩᠭᠤᠯ ᠤᠨ | ᠡᠵᠡᠨ᠎ᠡ ᠬᠤᠰᠢᠭᠤᠨ ᠤ ︽ ᠲᠤᠮᠳᠠᠳᠤ ᠶᠢᠨ ᠰᠣᠶᠤᠯ ︾ ᠢ ᠲᠠᠯᠬᠡᠷᠠᠬᠦᠯᠦᠨ ᠲᠦᠬᠡᠮᠠᠯᠵᠢᠬᠦᠯᠬᠦ ᠰᠠᠶᠢᠨ ᠳᠤᠷ᠎ᠠ ᠶᠢᠨ | ᠦᠢᠯᠡᠴᠢᠯᠡᠭᠡᠨ ᠤ ᠪᠦᠯᠬᠦᠮ ᠳᠤ ᠬᠦᠷᠴᠦ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠲᠠᠪᠴᠠᠩ | ᠬᠠᠩᠭᠠᠵᠤ᠂ ᠪᠠᠶᠠᠨᠳᠤᠤᠷᠠᠢ ᠶᠢᠨ ᠡᠨᠡᠬᠦ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠢ ᠳᠡᠯᠭᠡᠨ | ᠦᠵᠠᠬᠦᠯᠪᠠ ᠃ | |