ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠦᠨᠳᠦᠰᠦᠲᠡᠨ ᠤ ᠭᠠᠵᠠᠷ ᠣᠷᠣᠨ ᠳᠤ | ᠳᠡᠯᠭᠡᠷᠡᠭᠦᠯᠬᠦ ᠡᠷᠴᠢᠮ ᠢ ᠴᠢᠩᠭᠠᠳᠬᠠᠬᠤ ᠶᠢᠨ ᠲᠤᠰᠠᠲᠠ᠂ ᠣᠶᠢᠷ᠎ᠠ ᠳᠤ᠂ ᠪᠠᠷᠠᠭᠤᠨ ᠬᠤᠶᠢᠲᠤ ᠶᠢᠨ ᠦᠨᠳᠦᠰᠦᠲᠡᠨ ᠤ | ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ︽ᠬᠠᠮᠲᠤ ᠶᠢᠨ | ᠴᠣᠭᠴᠠ ᠶᠢ ᠪᠠᠲᠤ ᠴᠣᠭᠴᠠᠯᠠᠵᠤ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ︾ ᠥᠪᠥᠷ | ᠮᠣᠩᠭᠤᠯ ᠤᠨ ᠠᠯᠠᠱᠠ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠨᠡᠶᠢᠭᠡᠮ ᠤᠨ ᠦᠢᠯᠡᠳᠦᠯᠭᠡ ᠶᠢᠨ ᠪᠦᠯᠬᠦᠮ ᠶᠢᠨ ᠬᠢᠨ ᠡᠵᠡᠨ᠎ᠡ ᠬᠤᠰᠢᠭᠤᠨ ᠳᠤ ᠭᠦᠨᠵᠡᠭᠡᠶᠢᠷᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠣᠯᠠᠨ ᠵᠦᠢᠯ ᠤᠨ ᠨᠡᠶᠢᠭᠡᠮ ᠤᠨ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ | ᠪᠠᠶᠠᠨᠲᠤᠤᠷᠠᠢ ᠰᠤᠮᠤ ᠶᠢᠨ ᠤᠩᠭᠤᠴᠠ ᠶᠢᠨ ᠲᠤᠤᠷᠠᠢ ᠶᠢᠨ ᠭᠠᠴᠠᠭᠠᠨ ᠤ ᠳᠣᠯᠣᠳᠤᠭᠠᠷ ᠬᠤᠭᠤᠴᠠᠭᠠᠨ ᠤ | ᠴᠤᠭᠯᠠᠭ᠎ᠠ ᠠᠷᠠᠯᠵᠢᠶᠠᠨ ᠤ ᠠᠵᠢᠯᠯᠠᠭ᠎ᠠ ᠶᠢᠨ ᠠᠬᠤᠢ ᠲᠠᠯᠠᠪᠠᠶ ᠳᠤ᠂ ᠦᠢᠯᠡᠳᠦᠯᠭᠡ ᠶᠢᠨ ᠪᠦᠯᠬᠦᠮ ᠤᠨ ᠬᠢᠨ | ᠨᠡᠶᠢᠲᠡᠯᠢᠭ ᠬᠡᠯᠡ ᠶᠢᠨ ᠨᠢᠭᠡᠨ ᠳᠡᠯᠭᠡᠷᠡᠭᠦᠯᠦᠭᠴᠢ ᠡᠯᠴᠢ ᠪᠣᠯᠵᠤ᠂ ᠮᠠᠯᠴᠢᠨ ᠲᠠᠷᠢᠶᠠᠴᠢᠨ ᠪᠠ ᠵᠤᠭᠠᠴᠠᠭᠰᠠᠳ ᠲᠠᠢ | ᠳᠣᠲᠣᠨᠣ ᠪᠠᠷ ᠶᠠᠷᠢᠯᠴᠠᠨ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠡᠶᠢᠲᠡᠯᠢᠭ ᠬᠡᠯᠡᠨ ᠤ ᠨᠡᠪᠲᠡᠷᠡᠯᠴᠡᠭᠡ ᠶᠢ ᠠᠬᠢᠭᠤᠯᠬᠤ᠂ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ ᠵᠢᠴᠢ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠲᠦᠯᠬᠢᠨ | ᠠᠬᠢᠭᠤᠯᠬᠤ ᠳᠤ ᠦᠵᠡᠭᠦᠯᠬᠦ ᠴᠢᠬᠤᠯᠠ ᠴᠢᠨᠠᠷ ᠢ ᠠᠮᠢᠳᠤᠯᠢᠭ ᠢᠶᠠᠷ ᠲᠤᠳᠤᠷᠬᠠᠶᠢᠯᠠᠪᠠ᠃ ᠡᠭᠦᠨ ᠤ ᠵᠡᠷᠭᠡᠪᠡᠷ ᠲᠡᠳᠡ | ᠪᠠᠰᠠ ᠨᠡᠶᠢᠲᠡᠯᠢᠭ ᠬᠡᠯᠡ ᠪᠠᠷ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠠᠭᠤᠳᠠᠵᠤ᠂ ᠴᠤᠭᠯᠠᠭ᠎ᠠ | ᠠᠷᠠᠯᠵᠢᠶ᠎ᠠ ᠪᠠᠷ ᠲᠣᠬᠢᠶᠠᠯ ᠪᠤᠯᠭᠠᠨ᠂ ᠨᠡᠶᠢᠲᠡᠯᠢᠭ ᠬᠡᠯᠡ ᠶᠢ ᠲᠦᠭᠡᠮᠡᠯᠵᠢᠭᠦᠯᠵᠡᠢ᠃ | ᠣᠶᠢᠯᠠᠭᠠᠭᠰᠠᠨ ᠢᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠨᠡᠶᠢᠭᠡᠮ ᠤᠨ | ᠦᠢᠯᠡᠳᠦᠯᠭᠡ ᠶᠢᠨ ᠪᠦᠯᠬᠦᠮ ᠤᠨ ᠬᠢᠨ ᠪᠠᠰᠠ ᠬᠠᠮ ᠵᠠᠭᠤᠴᠢᠯᠠᠭᠤᠷ ᠤᠨ ᠲᠥᠪ᠂ ᠰᠤᠪᠠᠨᠠᠭᠤᠷ ᠰᠤᠮᠤ ᠶᠢᠨ | ᠠᠷᠠᠳ ᠤᠨ ᠬᠠᠩᠭᠠᠨ ᠪᠤᠷᠤᠯᠠᠭᠤᠯᠬᠤ ᠬᠤᠷᠰᠢᠶᠠᠵᠢᠯ᠂ ᠢᠩᠭᠡᠨ ᠰᠦ ᠶᠢᠨ ᠠᠵᠤ ᠦᠢᠯᠡᠰ ᠤᠨ ᠰᠠᠭᠤᠷᠢᠨ ᠭᠠᠵᠠᠷ᠂ | ᠭᠠᠳᠠᠭᠠᠳᠤ ᠠᠷᠠᠯᠵᠢᠶᠠᠨ ᠤ ᠳᠡᠯᠭᠡᠭᠦᠷ ᠵᠢᠴᠢ ᠴᠡᠭᠡ ᠪᠣᠭᠤᠮᠲᠠ ᠪᠠᠷ ᠲᠣᠭᠤᠷᠢᠨ᠂ ᠲᠤᠰᠬᠠᠢ ᠮᠡᠷᠭᠡᠵᠢᠯ ᠲᠠᠢ ᠪᠠᠨ | ᠤᠶᠠᠯᠳᠤᠭᠤᠯᠵᠤ᠂ ᠮᠠᠯᠴᠢᠨ ᠲᠠᠷᠢᠶᠠᠴᠢᠨ ᠤᠯᠠᠨ ᠲᠦᠮᠡᠨ ᠪᠣᠯᠣᠨ ᠳᠤᠮᠳᠠᠳᠤ ᠭᠠᠳᠠᠭᠠᠳᠤ ᠶᠢᠨ ᠵᠤᠭᠠᠴᠠᠭᠰᠠᠳ ᠲᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ | ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠠᠬᠢᠭᠤᠯᠤᠨ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠪᠡ᠃ |