ᠬᠤᠰᠢᠭᠤᠨ ᠤ ᠬᠤᠤᠰ ᠪᠦᠬᠡᠳᠤ ᠲᠡᠮᠡᠭᠡ ︵ᠤᠷᠳᠤ ᠴᠠᠭᠠᠨ ᠭᠡᠷᠡᠮ︶᠎ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠨᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/7/24
    ᠮᠠᠨ ᠤ ᠬᠤᠰᠢᠭᠤᠨ ᠤ ᠬᠢᠯᠢ ᠳᠣᠲᠣᠷ᠎ᠠ ᠮᠠᠰᠢ ᠤᠯᠠᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠲᠠᠷᠬᠠᠵᠤ ᠂ ᠴᠡᠭ ᠤᠯᠠᠨ᠂ ᠱᠤᠭᠤᠮ ᠤᠷᠳᠤ᠂ ᠬᠦᠷᠢᠶ᠎ᠡ ᠬᠡᠪᠴᠢᠶ᠎ᠡ ᠥᠷᠭᠡᠨ᠂ ᠬᠠᠮᠠᠭᠠᠯᠠᠬᠤ ᠳᠤ ᠬᠦᠴᠢᠷᠲᠡᠢ ᠪᠣᠯᠬᠤᠷ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠪᠣᠳᠠᠲᠠᠢ ᠲᠠᠢ ᠪᠠᠨ ᠤᠶᠠᠯᠳᠤᠭᠤᠯᠵᠤ᠂ ᠤᠯᠠᠨ ᠲᠦᠮᠡᠨ ᠢ ᠳᠠᠶᠢᠴᠢᠯᠠᠨ ︽ᠬᠤᠤᠰ ᠪᠦᠬᠡᠳᠤ ᠲᠡᠮᠡᠭᠡ ︵ᠤᠷᠳᠤ ᠴᠠᠭᠠᠨ ᠬᠡᠷᠡᠮ︶᠎ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ︾᠎ ᠶᠢ ᠪᠠᠶᠢᠭᠤᠯᠵᠤ᠂  ᠬᠠᠮᠳᠤ ᠶᠢᠨ ᠬᠦᠴᠦᠨ ᠢ ᠪᠦᠷᠢᠯᠳᠦᠬᠦᠯᠦᠨ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠲᠤᠪᠠᠷ ᠰᠠᠬᠢᠨ ᠬᠠᠮᠠᠭᠠᠯᠠᠨ᠎ᠠ᠃    ᠬᠠᠢ ᠯᠦᠩ ᠪᠣᠯ ᠮᠠᠨ ᠤ ᠬᠤᠰᠢᠭᠤᠨ ᠤ ︽ᠬᠤᠤᠰ ᠪᠦᠭᠡᠳᠤ ᠲᠡᠮᠡᠭᠡ ︵ᠣᠷᠳᠣ ᠴᠠᠭᠠᠨ ᠬᠡᠷᠡᠮ︶᠎ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ︾᠎ ᠶᠢᠨ ᠬᠠᠮᠠᠭᠠᠯᠠᠭᠴᠢ ᠶᠢᠨ ᠨᠢᠭᠡ ᠪᠤᠯᠤᠨ᠎ᠠ᠂ ᠵᠢᠯ ᠲᠤᠷᠰᠢ ᠬᠠᠷ᠎ᠠ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠥᠷᠲᠡᠭᠡ ᠳᠤ ᠰᠠᠭᠤᠷᠢᠰᠢᠵᠤ᠂ ᠪᠥᠬᠦ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠨᠢᠭᠡᠴᠡ ᠪᠤᠯᠬᠤ ᠬᠠᠷ᠎ᠠ ᠬᠤᠲᠠ ᠶᠢᠨ ᠪᠠᠭᠤᠷᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ ᠪᠠᠶᠢᠳᠠᠭ᠃ 2015 ᠣᠨ ᠳᠤ ᠬᠠᠢ ᠯᠦᠩ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠢᠶᠠᠷ ᠤᠷᠢᠭᠳᠠᠵᠤ᠂ ᠬᠠᠷ᠎ᠠ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠥᠷᠲᠡᠭᠡ ᠳᠤ ᠠᠵᠢᠯᠯᠠᠪᠠ᠂ ᠠᠳᠡᠬᠢ ᠪᠠᠶᠢᠭᠠᠯᠢ ᠶᠢᠨ ᠣᠷᠴᠢᠨ ᠲᠣᠭᠤᠷᠢᠨ ᠠᠨᠠᠢ᠂ ᠠᠮᠢᠳᠤᠷᠠᠯ᠂ ᠠᠵᠢᠯ ᠤᠨ ᠨᠥᠬᠦᠴᠡᠯ ᠬᠢᠵᠠᠭᠠᠷ ᠲᠠᠢ ᠪᠠᠶᠢᠭᠰᠠᠨ ᠴᠤ᠂ ᠬᠠᠢ ᠯᠦᠩ ᠦᠪᠡᠷ ᠤᠨ ᠡᠨᠡ ᠬᠦ  ᠠᠵᠢᠯ ᠳᠤ ᠪᠠᠨ ᠮᠠᠰᠢ ᠬᠠᠶᠢᠷᠠᠲᠠᠢ ᠪᠠᠶᠢᠵᠤ᠂ ᠡᠳᠤᠭᠡ ᠪᠤᠯᠳᠠᠯ᠎ᠠ ᠠᠷᠪᠠᠨ ᠵᠢᠯ ᠠᠵᠢᠯᠯᠠᠭᠰᠠᠭᠠᠷ ᠢᠷᠡᠵᠡᠶ᠃     ᠠᠵᠢᠯ ᠤᠨ ᠳᠤᠮᠳᠠ ᠪᠠᠨ ᠬᠠᠢ ᠯᠦᠩ ᠮᠠᠰᠢ ᠨᠠᠷᠢᠨ ᠬᠢᠨᠠᠮᠠᠭᠠᠢ ᠬᠠᠷᠢᠭᠤᠴᠠᠵᠤ᠂ ᠰᠠᠨᠠᠭᠠᠴᠢᠯᠠᠭ᠎ᠠ ᠠᠴᠠ ᠪᠠᠨ ᠬᠠᠷ᠎ᠠ ᠬᠤᠲᠠ ᠶᠢᠨ ᠪᠠᠭᠤᠷᠢ ᠳᠤ ᠡᠳᠦᠷ ᠲᠤᠲᠤᠮ ᠤᠨ ᠲᠣᠭᠤᠷᠢᠨ ᠬᠠᠮᠠᠭᠠᠯᠠᠵᠤ ᠪᠠᠶᠢᠴᠠᠭᠠᠬᠤ ᠠᠵᠢᠯ ᠬᠢᠬᠦ ᠠᠴᠠ ᠭᠠᠳᠠᠨ᠎ᠠ᠂ ᠪᠠᠰᠠ ᠡᠪᠳᠡᠷᠡᠵᠤ ᠮᠠᠭᠤᠳᠠᠭᠰᠠᠨ ᠲᠥᠬᠦᠭᠡᠷᠦᠮᠵᠢ ᠶᠢ ᠰᠡᠯᠪᠢᠨ ᠵᠠᠰᠠᠨ᠎ᠠ᠃ ᠣᠶᠢᠷ᠎ᠠ ᠶᠢᠨ ᠵᠢᠯ ᠳᠤ᠂ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠬᠠᠷ᠎ᠠ ᠬᠤᠲᠠ ᠶᠢᠨ ᠪᠠᠭᠤᠷᠢ ᠶᠢᠨ ᠨᠢᠭᠤᠴᠠ ᠶᠢ ᠬᠠᠶᠢᠬᠤ ᠵᠤᠭᠠᠴᠠᠭᠴᠢᠳ ᠢᠯᠡᠳᠲᠡ ᠣᠯᠠᠰᠢᠷᠠᠵᠤ᠂ ᠬᠠᠢ ᠯᠦᠩ ᠪᠠᠰᠠ ᠵᠤᠭᠠᠴᠠᠭᠴᠢᠳ ᠲᠤ ᠬᠠᠷ᠎ᠠ ᠬᠤᠲᠠ ᠶᠢᠨ ᠪᠠᠭᠤᠷᠢ ᠶᠢᠨ ᠲᠡᠦᠬᠡ ᠰᠣᠶᠣᠯ ᠢ ᠦᠨ᠎ᠡ ᠲᠥᠯᠥᠪᠦᠷᠢ ᠦᠭᠡᠢ ᠪᠠᠷ ᠲᠠᠶᠢᠯᠪᠤᠷᠢᠯᠠᠵᠤ ᠦᠭᠭᠦᠳᠡᠭ ᠪᠠᠶᠢᠨ᠎ᠠ᠃     ᠬᠤᠰᠢᠭᠤᠨ ᠤ ᠬᠤᠤᠰ ᠪᠦᠬᠡᠳᠤ ᠲᠡᠮᠡᠭᠡ ︵ᠣᠷᠳᠣ ᠴᠠᠭᠠᠨ ᠬᠡᠷᠡᠮ︶᠎ ᠤᠨ ᠬᠠᠮᠠᠭᠠᠯᠠᠭᠴᠢ ᠬᠠᠢ ᠯᠦᠩ᠄         ︽ᠵᠠᠷᠢᠮ ᠲᠡᠤᠬᠡ ᠶᠢᠨ ᠲᠤᠷᠠᠰᠬᠠᠯᠳᠤ ᠵᠦᠢᠯᠡᠰ ᠤᠨ ᠴᠡᠭ ᠲᠤ ᠤᠷᠤᠵᠤ ᠪᠤᠯᠬᠤ ᠦᠭᠡᠢ ᠦᠶ᠎ᠡ ᠳᠤ ᠪᠢ ᠵᠤᠭᠠᠴᠠᠭᠴᠢᠳ ᠪᠤᠯᠪᠠᠯ ᠲᠤᠰ ᠴᠡᠭ ᠤᠨ ᠲᠡᠤᠬᠡ ᠦᠩᠭᠡᠷᠡᠯᠳᠡ ᠶᠢ ᠨᠠᠷᠢᠨ ᠰᠠᠶᠢᠬᠠᠨ ᠲᠠᠶᠢᠯᠪᠤᠷᠢᠯᠠᠵᠤ ᠦᠭᠭᠦᠳᠡᠭ᠂ ᠢᠩᠭᠡᠪᠡᠯ ᠡᠳᠡᠭᠡᠷ ᠵᠤᠭᠠᠴᠠᠭᠴᠢ ᠤᠷᠤᠵᠤ ᠦᠪᠡᠷ ᠤᠨ ᠨᠢᠳᠤ ᠪᠠᠷ ᠦᠵᠡᠵᠤ ᠬᠠᠷᠠᠵᠤ ᠲᠡᠶᠢᠯᠬᠦ ᠦᠭᠡᠢ ᠪᠠᠶᠢᠭᠰᠠᠨ ᠴᠦ ᠮᠢᠨᠤ ᠲᠠᠶᠢᠯᠪᠤᠷᠢᠯᠠᠯᠳᠠ ᠪᠠᠷ ᠲᠠᠮᠵᠢᠨ ᠲᠡᠤᠬᠡ ᠶᠢ ᠮᠡᠳᠡᠵᠤ ᠤᠶᠢᠯᠠᠭᠠᠭᠰᠠᠨ ᠪᠠᠶᠢᠳᠠᠭ︾ ᠭᠡᠪᠡ᠃    ᠵᠤᠭᠠᠴᠠᠭᠴᠢ ᠲᠠᠢ ᠬᠠᠷᠢᠯᠴᠠᠬᠤ ᠲᠤᠮᠳᠠ᠂ ᠬᠠᠢ ᠯᠦᠩ ᠡᠵᠡᠨ᠎ᠡ ᠶᠢᠨ ᠲᠡᠦᠬᠡ ᠰᠣᠶᠣᠯ ᠤᠨ ᠲᠤᠬᠠᠢ ᠲᠤᠰᠬᠠᠢ ᠮᠡᠷᠭᠡᠵᠢᠯ ᠤᠨ ᠰᠢᠰᠲ᠋ᠧᠮ ᠤᠨ ᠰᠤᠷᠤᠯᠴᠠᠯᠭ᠎ᠠ ᠪᠠᠷ ᠳᠤᠲᠠᠮᠠᠭ ᠪᠠᠶᠢᠬᠤ ᠪᠠᠨ ᠰᠡᠷᠡᠵᠦ ᠮᠡᠳᠡᠭᠡᠳ᠂ ᠬᠠᠮᠢᠶ᠎ᠠ ᠪᠦᠬᠦᠢ ᠨᠣᠮ ᠪᠢᠴᠢᠭ ᠢ ᠬᠤᠳᠠᠯᠳᠤᠨ ᠠᠪᠴᠤ᠂ ᠨᠠᠷᠢᠨ ᠬᠢᠨᠠᠮᠠᠭᠠᠢ ᠰᠤᠷᠤᠯᠴᠠᠨ᠎ᠠ᠃  ᠪᠢᠴᠢᠭ ᠤᠨ ᠰᠢᠷᠡᠭᠡᠨ ᠳᠡᠭᠡᠷ᠎ᠡ ᠲᠠᠯᠪᠢᠭᠰᠠᠨ ︽ᠨᠠᠷᠠ ᠰᠢᠩᠭᠡᠬᠦ ᠬᠠᠷ᠎ᠠ ᠬᠤᠳᠠ︾᠎ ᠶᠢ ᠲᠡᠷᠡ ᠮᠠᠨᠢ ᠬᠡᠴᠢᠨᠡᠨ ᠤᠳᠠᠭ᠎ᠠ ᠤᠷᠪᠠᠭᠤᠯᠤᠨ ᠤᠩᠰᠢᠵᠤ᠂ ᠥᠪᠡᠷ ᠢᠶᠠᠨ ᠰᠤᠷᠤᠯᠴᠠᠬᠤ ᠪᠠᠷ ᠲᠠᠮᠵᠢᠨ᠂ ᠬᠠᠢ ᠯᠦᠩ ᠬᠠᠷ᠎ᠠ ᠬᠤᠳᠠ ᠶᠢᠨ ᠪᠠᠭᠤᠷᠢ ᠶᠢᠨ ᠲᠡᠦᠬᠡ ᠰᠣᠶᠣᠯ ᠤᠨ ᠮᠡᠳᠡᠯᠭᠡ ᠶᠢ ᠨᠡᠩ ᠤᠯᠠᠨ ᠡᠵᠡᠮᠰᠢᠭᠰᠡᠨ ᠪᠠᠶᠢᠨ᠎ᠠ᠂ ᠤᠳᠤ ᠲᠡᠭᠦᠨ ᠤ ᠲᠠᠶᠢᠯᠪᠤᠷᠢᠯᠠᠭᠰᠠᠨ ᠠᠭᠤᠯᠭ᠎ᠠ ᠪᠠᠶᠠᠯᠢᠭ ᠪᠥᠭᠡᠳ ᠠᠮᠢᠳᠤᠯᠢᠭ ᠪᠣᠯᠵᠠᠢ᠃    ᠲᠢᠶᠠᠨᠵᠢᠨ ᠤ ᠵᠤᠭᠠᠴᠠᠭᠴᠢ ᠵᠠᠩ ᠭᠦᠸᠧ ᠯᠢᠶᠠᠩ᠄ ︽ᠲᠠᠶᠢᠯᠪᠤᠷᠢᠯᠠᠯᠳᠠ ᠨᠢ ᠮᠠᠰᠢ ᠠᠮᠢᠳᠤᠯᠢᠭ ᠰᠠᠶᠢᠬᠠᠨ᠂ ᠤᠤᠯ ᠨᠢ ᠵᠢᠷᠤᠭ ᠳᠡᠭᠡᠷ᠎ᠡ᠂ ᠰᠦᠯᠵᠢᠶᠡᠨ ᠳᠡᠭᠡᠷ᠎ᠡ ᠠᠴᠠ ᠦᠵᠡᠵᠦ ᠪᠠᠶᠢᠵᠠᠢ᠂ ᠤᠳᠤ ᠡᠨᠡ ᠲᠠᠶᠢᠯᠪᠤᠷᠢᠯᠠᠭᠴᠢ ᠶᠢᠨ ᠲᠠᠶᠢᠯᠪᠤᠷᠢᠯᠠᠯᠲᠠ ᠪᠠᠷ ᠳᠠᠮᠵᠢᠨ ᠵᠢᠦᠢ ᠶᠠᠨ ᠤ ᠪᠠᠭᠤᠷᠢ ᠶᠢᠨ ᠲᠡᠦᠬᠡ ᠶᠢ ᠤᠯᠠᠮ ᠰᠠᠶᠢᠨ ᠣᠶᠢᠯᠠᠭᠠᠵᠠᠢ︾ ᠭᠡᠪᠡ᠃    ᠬᠤᠰᠢᠭᠤᠨ ᠤ ᠬᠤᠤᠰ ᠪᠦᠬᠡᠳᠤ ᠲᠡᠮᠡᠭᠡ ︵ᠣᠷᠳᠣ ᠴᠠᠭᠠᠨ ᠬᠡᠷᠡᠮ︶᠎ ᠤᠨ ᠬᠠᠮᠠᠭᠠᠯᠠᠭᠴᠢ ᠬᠠᠢ ᠯᠦᠩ᠄         ︽ᠤᠶᠢᠷ᠎ᠠ ᠶᠢᠨ ᠬᠤᠭᠤᠴᠠᠭᠠᠨ ᠳᠤ ᠵᠤᠨ ᠤ ᠠᠮᠠᠷᠠᠯᠳᠠ ᠲᠠᠯᠪᠢᠭᠰᠠᠨ ᠪᠤᠯᠬᠤ ᠪᠠᠷ ᠭᠡᠷ ᠤᠨ ᠠᠬᠠᠮᠠᠳ ᠬᠡᠤᠬᠡᠳ ᠎ ᠤᠳ ᠢᠶᠠᠨ ᠲᠠᠭᠠᠭᠤᠯᠤᠨ ᠭᠠᠳᠠᠭᠰᠢ ᠭᠠᠷᠴᠤ ᠵᠤᠭᠠᠴᠠᠬᠤ ᠨᠢ ᠤᠯᠠᠨ᠂ ᠡᠶᠢᠮᠤ ᠠᠴᠠ ᠡᠳᠤᠷ ᠪᠦᠷ ᠦᠨᠳᠤᠰᠤᠨ ᠳᠤ ᠎ ᠪᠠᠨ 20 ᠭᠠᠷᠦᠢ ᠵᠤᠭᠠᠴᠠᠭᠴᠢ ᠲᠤᠭᠤᠷᠢᠨ ᠢᠷᠡᠵᠤ᠂ ᠪᠢ ᠴᠦ ᠭᠡᠰᠡᠨ ᠲᠠᠶᠢᠯᠪᠤᠷᠢᠯᠠᠯᠳᠠ ᠶᠢᠨ ᠠᠵᠢᠯ ᠢᠶᠠᠨ ᠨᠠᠷᠢᠨ ᠬᠢᠨᠠᠮᠠᠭᠠᠢ ᠬᠢᠵᠤ ᠶᠠᠪᠤᠨ᠎ᠠ︾ ᠭᠡᠪᠡ᠃    ᠬᠠᠷ᠎ᠠ ᠬᠤᠳᠠ ᠶᠢᠨ ᠪᠠᠭᠤᠷᠢ ᠠᠴᠠ ᠵᠡᠭᠦᠨ ᠡᠮᠦᠨ᠎ᠡ 30 ᠺᠢᠯᠤᠮᠧᠲᠷ ᠵᠠᠢ ᠳᠤ ᠪᠠᠶᠢᠷᠢᠯᠠᠵᠤ ᠪᠠᠶᠢᠭ᠎ᠠ ᠪᠤᠯ ᠲᠡᠷᠦᠢ ᠨᠣᠭᠤᠭᠠᠨ ᠬᠤᠳᠠ ᠶᠢᠨ ᠪᠠᠭᠤᠷᠢ ᠪᠣᠯᠣᠨ᠎ᠠ᠂ ᠡᠨᠡ ᠵᠢᠯ 53 ᠨᠠᠰᠤᠲᠠᠢ ᠸᠧᠢ ᠳ᠋ᠦᠩ ᠪᠣᠯ ᠲᠠᠯᠠᠶᠢᠬᠦ᠋ᠪ ᠪᠠᠯᠭᠠᠰᠤᠨ ᠤ ᠤᠯᠠᠭᠠᠠᠭᠡᠷᠡᠯ ᠭᠠᠴᠠᠭᠠᠨ ᠤ ᠮᠠᠯᠴᠢᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠤᠯᠬᠤ ᠨᠣᠭᠤᠭᠠᠨ ᠬᠤᠳᠠ ᠶᠢᠨ ᠪᠠᠭᠤᠷᠢ ᠨᠢ ᠲᠡᠳᠡᠨ ᠤ ᠨᠤᠲᠤᠭ ᠪᠡᠯᠴᠢᠭᠡᠷ ᠲᠡᠭᠡᠷ᠎ᠡ ᠪᠠᠶᠢᠷᠢᠯᠠᠵᠤ ᠪᠤᠢ᠃ ᠨᠣᠭᠤᠭᠠᠨ ᠬᠤᠲᠠ ᠨᠢ ᠲᠣᠮᠣ ᠬᠡᠯᠪᠡᠷᠢ ᠶᠢᠨ ᠨᠡᠶᠢᠯᠡᠮᠡᠯ ᠬᠡᠯᠪᠡᠷᠢ ᠶᠢᠨ ᠪᠠᠭᠤᠷᠢ ᠳᠤ ᠬᠠᠷᠢᠶᠠᠯᠠᠭᠳᠠᠵᠤ᠂ ᠣᠳᠣ ᠪᠣᠯᠲᠠᠯ᠎ᠠ ᠬᠤᠰᠢᠭᠤᠨ ᠤ ᠬᠢᠯᠢ ᠳᠣᠲᠣᠷ᠎ᠠ ᠠᠴᠠ ᠢᠯᠡᠷᠡᠭᠦᠯᠦᠭᠰᠡᠨ ᠪᠠᠷᠠᠭᠤᠨ ᠰᠢᠶᠠ ᠤᠯᠤᠰ ᠤᠨ ᠦᠶ᠎ᠡ ᠶᠢᠨ ᠪᠠᠷᠢᠯᠭ᠎ᠠ ᠶᠢᠨ ᠪᠦᠯᠦᠭᠯᠡᠯ ᠤᠨ ᠬᠠᠮᠤᠭ ᠠᠴᠠ ᠲᠥᠪᠯᠡᠷᠡᠭᠰᠡᠨ ᠨᠢᠭᠡ ᠬᠡᠰᠡᠭ       ᠪᠣᠯᠣᠨ᠎ᠠ᠃ ᠡᠷᠬᠢᠨ ᠲᠣᠭᠤᠷᠢᠨ ᠤ ᠠᠷᠪᠠᠨ ᠺᠢᠯᠣᠮᠧᠲᠷ ᠤᠨ ᠬᠡᠪᠴᠢᠶᠡᠨ ᠳᠤ ᠬᠤᠲᠠ ᠪᠠᠯᠭᠠᠰᠤ᠂ ᠠᠷᠠᠳ ᠤᠨ ᠣᠷᠣᠨ ᠰᠠᠭᠤᠴᠠ᠂ ᠰᠦᠮ᠎ᠡ ᠬᠡᠶᠢᠳ᠂ ᠪᠤᠷᠬᠠᠨ ᠤ ᠰᠤᠪᠤᠷᠭ᠎ᠠ᠂ ᠪᠤᠯᠠᠰᠢ ᠶᠢᠨ ᠴᠡᠭ᠂ ᠲᠠᠷᠢᠶᠠᠨ ᠲᠣᠭᠤᠷᠢᠭ ᠪᠠ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠲᠦᠭᠦᠭᠡᠷᠤᠮᠵᠢ ᠵᠡᠷᠭᠡ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠤᠯᠠᠨ ᠭᠤᠣᠯᠳᠠᠯᠭ᠎ᠠ ᠲᠠᠢ ᠪᠠᠭᠤᠷᠢ ᠲᠠᠷᠬᠠᠵᠤ ᠪᠣᠶ᠃ ᠸᠧᠢ ᠳ᠋ᠦᠩ ᠤᠳᠠᠭ᠎ᠠ ᠪᠦᠷᠢ ᠮᠠᠯ ᠢᠶᠠᠨ ᠬᠠᠷᠢᠭᠤᠯᠵᠤ ᠶᠠᠪᠤᠬᠤ ᠳᠠᠭᠠᠨ ᠪᠦᠷ ᠲᠡᠦᠬᠡ ᠶᠢᠨ ᠳᠤᠷᠠᠰᠬᠠᠯᠲᠤ ᠵᠦᠢᠯ ᠤᠨ ᠪᠠᠭᠤᠷᠢ ᠶᠢ ᠲᠣᠭᠤᠷᠢᠨ ᠬᠠᠮᠠᠭᠠᠯᠠᠵᠤ᠂ ᠰᠡᠵᠢᠭᠯᠡᠯᠲᠡᠢ ᠲᠡᠷᠭᠡ ᠪᠤᠶᠤ ᠬᠥᠮᠥᠨ ᠬᠠᠷ᠎ᠠ ᠶᠢ ᠣᠯᠵᠤ ᠮᠡᠳᠡᠪᠡᠯ ᠲᠡᠷᠡ ᠲᠡᠷᠦᠢ ᠳᠤ ᠨᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠪ ᠲᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠳᠡᠭ᠃ 2016 ᠣᠨ ᠳᠤ᠂ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ︽ᠬᠤᠤᠰ ᠪᠦᠬᠡᠳᠤ ᠲᠡᠮᠡᠭᠡ     ︵ᠤᠷᠳᠤ ᠴᠠᠭᠠᠨ ᠬᠡᠷᠡᠮ︶᠎ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ︾᠎ ᠶᠢ ᠪᠠᠶᠢᠭᠤᠯᠵᠤ᠂ ᠸᠧᠢ ᠳ᠋ᠦᠩ ᠪᠣᠯᠪᠠᠰᠤᠷᠠᠯ ᠭᠥᠷᠳᠡᠭᠰᠡᠨ ᠤ ᠳᠠᠷᠠᠭ᠎ᠠ ᠬᠠᠮᠠᠭᠠᠯᠠᠭᠴᠢ ᠪᠠᠷ ᠤᠷᠢᠭᠳᠠᠵᠤ᠂ ᠵᠢᠯ ᠲᠤᠷᠰᠢ ᠲᠣᠭᠲᠠᠭᠰᠠᠨ ᠴᠠᠭ ᠦᠭᠡᠢ ᠪᠠᠷ ᠪᠡᠯᠴᠢᠭᠡᠷ ᠤᠨ ᠢᠶᠠᠨ ᠡᠷᠬᠢᠨ ᠲᠣᠭᠤᠷᠢᠨ ᠤ ᠡᠳᠡᠭᠡᠷ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠲᠤ ᠠᠯᠪᠠᠨ ᠵᠢᠷᠤᠮ ᠤᠨ ᠬᠠᠮᠠᠭᠠᠯᠠᠯᠲᠠ ᠪᠠ ᠲᠣᠭᠤᠷᠢᠨ ᠪᠠᠶᠢᠴᠠᠭᠠᠯᠲᠠ ᠬᠢᠵᠦ᠂ ᠨᠢᠭᠡ ᠵᠢᠯ ᠤᠨ ᠲᠣᠭᠤᠷᠢᠨ ᠬᠠᠮᠠᠭᠠᠯᠠᠬᠤ ᠵᠠᠮ ᠤᠨ ᠤᠷᠳᠤ ᠨᠢ 2000 ᠭᠠᠷᠤᠢ ᠺᠢᠯᠣᠮᠧᠲᠷ ᠲᠤ ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠤ ᠶᠠᠪᠤᠨ᠎ᠠ︔    ᠬᠤᠰᠢᠭᠤᠨ ᠤ ᠬᠤᠤᠰ ᠪᠦᠬᠡᠳᠤ ᠲᠡᠮᠡᠭᠡ ︵ᠣᠷᠳᠣ ᠴᠠᠭᠠᠨ ᠬᠡᠷᠡᠮ︶᠎ ᠤᠨ ᠬᠠᠮᠠᠭᠠᠯᠠᠭᠴᠢ ᠸᠧᠢ ᠳ᠋ᠦᠩ᠄     ︽ᠨᠤᠭᠤᠭᠠᠨ ᠬᠤᠳᠠ ᠶᠢᠨ ᠪᠠᠭᠤᠷᠢ ᠶᠢ ᠮᠠᠰᠢ ᠰᠠᠶᠢᠬᠠᠨ ᠬᠠᠮᠠᠭᠠᠯᠠᠵᠤ ᠪᠠᠶᠢᠨ᠎ᠠ᠂ ᠪᠢ ᠦᠪᠡᠷ ᠤᠨ ᠡᠨᠡᠬᠦ ᠠᠵᠢᠯ ᠎ ᠳᠠᠭᠠᠨ ᠲᠦᠢᠯ ᠤᠨ ᠬᠠᠶᠢᠷᠠᠲᠠᠢ᠂ ᠡᠵᠡᠨ᠎ᠡ ᠨᠤᠳᠤᠭ ᠤᠨ ᠢᠶᠠᠨ ᠲᠡᠤᠬᠡ ᠰᠤᠶᠤᠯ ᠢᠶᠠᠨ ᠦᠭᠦᠯᠵᠢᠯᠡᠨ ᠬᠠᠮᠠᠭᠠᠯᠠᠵᠤ ᠶᠠᠪᠤᠨ᠎ᠠ︾ ᠭᠡᠪᠡ᠃    ᠮᠠᠨ ᠤ ᠬᠤᠰᠢᠭᠤᠨ ᠤ ᠬᠢᠯᠢ ᠳᠣᠲᠣᠷ᠎ᠠ ᠨᠡᠶᠢᠲᠡ 355 ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠪᠣᠶ᠂ ᠡᠭᠦᠨ ᠳᠤ ᠵᠢᠦᠢ ᠶᠠᠨ ᠤ ᠪᠠᠭᠤᠷᠢ ᠶᠢᠨ ᠳᠤᠷᠠᠰᠬᠠᠯᠲᠤ ᠵᠦᠢᠯᠡᠰ ᠤᠨ ᠴᠡᠭ 202 ᠪᠣᠶ᠃ ᠵᠢᠦᠢ ᠶᠠᠨ ᠤ ᠪᠠᠭᠤᠷᠢ ᠪᠣᠯ ᠮᠠᠨ ᠤ ᠤᠯᠤᠰ ᠤᠨ ᠴᠢᠬᠤᠯᠠ ᠡᠷᠲᠡᠨ ᠤ ᠪᠠᠭᠤᠷᠢ ᠶᠢᠨ ᠣᠷᠣᠨ ᠪᠣᠯᠣᠨ᠎ᠠ᠂ ᠮᠥᠨ ᠴᠦ ᠤᠷᠲᠤ ᠴᠠᠭᠠᠨ ᠬᠡᠷᠡᠮ ᠤᠨ ᠬᠡᠰᠡᠭ ᠤᠨ ᠲᠠᠷᠬᠠᠯᠲᠠ ᠶᠢᠨ ᠴᠢᠬᠤᠯᠠ ᠣᠷᠣᠨ ᠪᠣᠯᠣᠨ᠎ᠠ᠂ ᠪᠥᠬᠦ ᠤᠯᠤᠰ ᠤᠨ ᠣᠷᠳᠣ ᠴᠠᠭᠠᠨ ᠬᠡᠷᠡᠮ ᠤᠨ ᠨᠡᠶᠢᠳᠡᠮ ᠤᠨ ᠪᠠᠶᠢᠴᠠᠭᠠᠯᠲᠠ ᠳᠤ ᠮᠠᠨ ᠤ ᠬᠤᠰᠢᠭᠤᠨ ᠤ ᠬᠢᠯᠢ ᠳᠤ ᠡᠯ᠎ᠡ ᠲᠡᠦᠬᠡᠨ ᠴᠠᠭ ᠦᠶ᠎ᠡ ᠳᠤ ᠪᠠᠶᠢᠭᠤᠯᠤᠭᠰᠠᠨ ᠣᠷᠳᠣ ᠴᠠᠭᠠᠨ ᠬᠡᠷᠡᠮ ᠤᠨ ᠪᠠᠶᠢᠷᠢ 197 ᠪᠠᠶᠢᠵᠤ᠂ ᠭᠤᠣᠯᠳᠠᠭᠤ ᠬᠠᠷ᠎ᠠ ᠭᠤᠣᠯ ᠤᠨ ᠰᠠᠪᠠ ᠭᠠᠵᠠᠷ ᠎ ᠤᠨ ᠣᠷᠣᠨ ᠪᠦᠰᠡ ᠪᠠᠷ ᠲᠠᠷᠬᠠᠵᠤ᠂ ᠬᠤᠲᠠ ᠶᠢᠨ ᠬᠠᠯᠬᠠᠪᠴᠢ᠂ ᠴᠤᠨᠵᠢ᠂ ᠲᠠᠷᠢᠶᠠᠨ ᠭᠠᠵᠠᠷ ᠪᠠ ᠬᠠᠮᠠᠭᠠᠯᠠᠯᠳᠠ ᠶᠢᠨ ᠬᠡᠷᠡᠮ ᠢᠶᠠᠷ ᠭᠤᠣᠯᠯᠠᠵᠤ᠂ ᠡᠯ᠎ᠡ ᠲᠡᠦᠬᠡᠨ ᠴᠠᠭ ᠦᠶ᠎ᠡ ᠳᠤ ᠪᠠᠶᠢᠭᠤᠯᠤᠭᠰᠠᠨ ᠬᠤᠲᠠ ᠶᠢᠨ ᠬᠠᠯᠬᠠᠪᠴᠢ᠂ ᠲᠠᠷᠢᠶᠠᠨ ᠭᠠᠵᠠᠷ ᠪᠠ ᠬᠠᠮᠠᠭᠠᠯᠠᠯᠳᠠ ᠶᠢᠨ ᠬᠡᠷᠡᠮ 20᠂ ᠣᠷᠳᠣ ᠴᠠᠭᠠᠨ ᠬᠡᠷᠡᠮ ᠤᠨ ᠴᠤᠨᠵᠢ 177 ᠰᠠᠭᠤᠷᠢ ᠶᠢ ᠠᠩᠬ᠎ᠠ ᠠᠯᠬᠤᠮ ᠪᠠᠶᠢᠴᠠᠭᠠᠨ ᠲᠣᠳᠣᠯᠠᠵᠠᠢ᠃ ᠡᠭᠦᠨ ᠤ ᠳᠣᠲᠣᠷ᠎ᠠ ᠬᠠᠨ ᠤᠯᠤᠰ ᠤᠨ ᠦᠶ᠎ᠡ ᠶᠢᠨ ᠴᠣᠨᠵᠢ 153 ᠰᠠᠭᠤᠷᠢ᠂ ᠪᠠᠷᠠᠭᠤᠨ ᠰᠢᠶᠠ ᠤᠯᠤᠰ ᠤᠨ ᠦᠶ᠎ᠡ ᠶᠢᠨ ᠴᠣᠨᠵᠢ 7 ᠰᠠᠭᠤᠷᠢ᠂ 11 ᠰᠠᠭᠤᠷᠢ ᠴᠣᠨᠵᠢ᠂ ᠮᠢᠩ ᠤᠯᠤᠰ ᠤᠨ ᠦᠶ᠎ᠡ ᠶᠢᠨ ᠴᠣᠨᠵᠢ 6 ᠰᠠᠭᠤᠷᠢ ᠪᠠᠶᠢᠵᠤ᠂ ᠬᠠᠨ ᠤᠯᠤᠰ ᠤᠨ ᠦᠶ᠎ᠡ ᠶᠢᠨ ᠪᠠᠶᠢᠭᠤᠯᠤᠭᠰᠠᠨ ᠲᠠᠷᠢᠶᠠᠨ ᠭᠠᠵᠠᠷ ᠢ ᠬᠠᠳᠠᠭᠠᠯᠠᠨ᠂  ᠬᠠᠮᠠᠭᠠᠯᠠᠯᠳᠠ ᠶᠢᠨ ᠬᠡᠷᠡᠮ ᠤᠨ ᠣᠷᠳᠣ ᠨᠢ ᠪᠠᠷᠤᠭ 183 ᠺᠢᠯᠣᠮᠧᠲᠷ ᠪᠤᠢ᠃     ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠰᠠᠶᠢᠨᠳᠠᠯᠠᠢ᠄ ︽ᠮᠠᠨ ᠤ ᠬᠤᠰᠢᠭᠤᠨ ᠤ ᠣᠷᠳᠣ ᠴᠠᠭᠠᠨ ᠬᠡᠷᠡᠮ ᠤᠨ ᠲᠠᠷᠬᠠᠯᠲᠠ ᠨᠡᠯᠢᠶᠡᠳ ᠲᠠᠷᠠᠬᠠᠢ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠠᠵᠢᠯ ᠤᠨ ᠬᠦᠴᠢᠷᠳᠡᠯ ᠨᠡᠯᠢᠶᠡᠳ ᠶᠡᠭᠡ᠂ ᠡᠶᠢᠮᠤ ᠪᠠᠷ ᠢᠶᠠᠨ ᠬᠤᠰᠢᠭᠤᠨ ᠤ ᠤᠷᠲᠤ ᠴᠠᠭᠠᠨ ᠬᠡᠷᠡᠮ ᠢ ᠨᠡᠩ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠮᠠᠨ ᠤ ᠲᠥᠪ ᠨᠢ ᠤᠷᠲᠤ ᠴᠠᠭᠠᠨ ᠬᠡᠷᠡᠮ ᠤᠨ ᠪᠠᠭᠤᠷᠢ ᠶᠢᠨ ᠣᠶᠢᠷ᠎ᠠ ᠬᠠᠪᠢ ᠶᠢᠨ ᠣᠯᠠᠨ ᠲᠦᠮᠡᠨ ᠢ ᠳᠠᠶᠢᠴᠢᠯᠠᠵᠤ᠂ ᠴᠠᠭᠠᠨ ᠬᠡᠷᠡᠮ ᠢ ᠬᠠᠮᠠᠭᠠᠯᠠᠬᠤ ᠢᠳᠡᠪᠬᠢᠵᠢᠯ ᠢ ᠨᠢ ᠴᠢᠩᠭᠠᠳᠬᠠᠵᠤ᠂ 2016 ᠣᠨ ᠳᠤ ᠠᠯᠪᠠᠨ ᠵᠢᠷᠤᠮ ᠤᠨ ᠬᠠᠮᠠᠭᠠᠯᠠᠯᠲᠠ ᠶᠢᠨ ᠠᠩᠭᠢ ᠪᠠᠶᠢᠭᠤᠯᠤᠨ᠂ ᠤᠳᠤ 33 ᠠᠯᠪᠠᠨ ᠵᠢᠷᠤᠮ ᠤᠨ ᠬᠠᠮᠠᠭᠠᠯᠠᠭᠴᠢ ᠲᠠᠢ ᠪᠣᠯᠤᠭᠰᠠᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠡᠳᠦᠷ ᠲᠤᠳᠤᠮ ᠤᠨ ᠲᠣᠭᠤᠷᠢᠨ  ᠬᠠᠮᠠᠭᠠᠯᠠᠵᠤ ᠪᠠᠶᠢᠴᠠᠭᠠᠬᠤ ᠠᠵᠢᠯ ᠢ ᠦᠷᠨᠢᠬᠦᠯᠦᠨ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠤᠷᠢᠯᠡᠵᠤ᠂ ᠮᠠᠨ ᠤ ᠬᠤᠰᠢᠭᠤᠨ ᠤ ᠤᠷᠳᠤ ᠴᠠᠭᠠᠨ ᠬᠡᠷᠡᠮ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠨ᠎ᠠ︾ ᠭᠡᠪᠡ᠃    ᠣᠶᠢᠷ᠎ᠠ ᠶᠢᠨ ᠵᠢᠯ ᠤᠳ ᠲᠤ᠂ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠨᠢ ᠵᠢᠦᠢ ᠶᠠᠨ ᠤ ᠪᠠᠭᠤᠷᠢ ᠳᠤ ᠲᠠᠷᠬᠠᠵᠤ ᠪᠠᠶᠢᠭ᠎ᠠ ᠭᠤᠣᠯᠳᠠᠯᠭ᠎ᠠ ᠲᠠᠢ ᠣᠷᠳᠣ ᠴᠠᠭᠠᠨ ᠬᠡᠷᠡᠮ ᠤᠨ ᠣᠷᠣᠨ ᠳᠤ ︽ᠡᠵᠡᠨ᠎ᠡ ᠬᠤᠰᠢᠭᠤᠨ ᠤ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠥᠷᠲᠡᠭᠡ︾᠎ ᠶᠢ        ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠲᠣᠭᠤᠷᠢᠨ ᠪᠠᠶᠢᠴᠠᠭᠠᠬᠤ ᠶᠠᠪᠤᠴᠠ ᠲᠤ᠂ ᠪᠠᠭᠤᠷᠢ ᠶᠢᠨ ᠡᠷᠬᠢᠨ ᠲᠣᠭᠤᠷᠢᠨ ᠤ ᠮᠠᠯᠴᠢᠳ ᠲᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠪᠠ ᠬᠥᠮᠦᠵᠢᠯ ‍ᠤᠨ‌ᠠᠵᠢᠯ ᠢ ᠦᠷᠨᠢᠬᠦᠯᠦᠨ᠂ ᠮᠠᠯᠴᠢᠨ ᠤᠯᠠᠨ ᠲᠦᠮᠡᠨ ᠤ ᠲᠡᠦᠬᠡ ᠶᠢᠨ ᠳᠤᠷᠠᠰᠬᠠᠯᠲᠤ ᠵᠦᠢᠯ ᠢ ᠤᠬᠠᠮᠰᠠᠷ ᠠᠴᠠ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠲᠡᠭᠡᠭᠰᠢᠯᠡᠬᠦᠯᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠤ ᠤᠯᠠᠨ ᠲᠦᠮᠡᠨ ᠤ ᠰᠠᠨᠠᠭᠠᠴᠢᠯᠭ᠎ᠠ ᠠᠴᠠ ᠪᠠᠨ ᠣᠷᠣᠯᠴᠠᠬᠤ ᠢᠳᠡᠪᠬᠢᠵᠢᠯ ᠢ ᠎ ᠨᠢ  ᠨᠡᠮᠡᠭᠳᠡᠬᠦᠯᠪᠡ᠃  ᠬᠤᠰᠢᠭᠤᠨ ᠤ ︽ᠬᠤᠤᠰ ᠪᠦᠭᠡᠳᠤ ᠲᠡᠮᠡᠭᠡ ︵ᠣᠷᠳᠣ ᠴᠠᠭᠠᠨ ᠬᠡᠷᠡᠮ︶᠎ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠨᠢ ᠨᠢᠭᠡᠨ ᠣᠨᠴᠠᠭᠠᠶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠦᠴᠦᠨ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠤ ᠢᠳᠡᠪᠬᠢᠲᠡᠢ ᠦᠢᠯᠡᠳᠦᠯ ᠦᠵᠡᠬᠦᠯᠦᠭᠰᠡᠭᠡᠷ ᠶᠤᠮ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号