︵2024 ᠣᠨ ᠤ 7 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ 2024 ᠣᠨ ᠤ 7 ᠰᠠᠷ᠎ᠠ ᠶᠢᠨ 15 ᠤ ᠡᠳᠦᠷ ᠠᠴᠠ 18 ᠤ ᠡᠳᠦᠷ | ᠪᠡᠭᠡᠵᠢᠩ ᠳᠤ ᠬᠤᠷᠠᠯᠳᠤᠪᠠ᠃ | ᠲᠤᠰ ᠤᠳᠠᠭᠠᠨ ᠤ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 199 ᠬᠥᠮᠥᠨ᠂ ᠲᠥᠪ | ᠬᠤᠷᠢᠶᠠᠨ ᠤ ᠣᠷᠣᠯᠠᠭᠴᠢ ᠭᠡᠰᠢᠭᠦᠨ 165 ᠬᠥᠮᠥᠨ ᠣᠷᠣᠯᠴᠠᠪᠠ᠃ ᠲᠥᠪ ᠬᠤᠷᠢᠶᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠳ ᠪᠣᠯᠣᠨ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ | ᠲᠥᠯᠥᠭᠡᠯᠡᠭᠴᠢᠳ ᠤᠨ ᠳᠣᠲᠣᠷᠠᠬᠢ ᠬᠡᠰᠡᠭ ᠦᠨᠳᠦᠰᠦᠨ ᠱᠠᠲᠤᠨ ᠤ ᠨᠥᠬᠦᠳ ᠪᠠ ᠲᠤᠰᠬᠠᠢ ᠮᠡᠷᠭᠡᠵᠢᠯᠲᠡᠳ | ᠡᠷᠳᠡᠮᠲᠡᠳ ᠴᠤ ᠬᠤᠷᠠᠯ ᠳᠤ ᠰᠤᠯᠠ ᠣᠷᠣᠯᠴᠠᠪᠠ᠃ | ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠷᠭᠢᠯᠡᠪᠠ᠃ ᠲᠥᠪ | ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠨᠡᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ︽ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ | ᠶᠠᠷᠢᠯᠴᠠᠵᠤ ᠪᠠᠲᠤᠯᠠᠪᠠ᠃ ᠰᠢ ᠶᠢᠨ ᠫᠢᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠦᠭᠦᠳᠡ | ᠬᠤᠷᠠᠯ ᠳᠤ ᠲᠣᠳᠣᠷᠬᠠᠶᠢᠯᠠᠯᠲᠠ ᠬᠢᠪᠡ᠃ | ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ | ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠤᠯᠠᠨ ᠤᠯᠤᠰ ᠤᠨ ᠣᠷᠴᠢᠨ ᠨᠥᠬᠦᠴᠡᠯ ᠪᠠ ᠬᠠᠲᠠᠭᠤ ᠪᠡᠷᠬᠡ ᠬᠦᠨᠳᠦ | ᠨᠦᠰᠡᠷ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠠᠩᠬᠠᠳᠤᠭᠠᠷ ᠪᠦᠭᠦᠳᠡ ᠬᠤᠷᠠᠯ᠂ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠭᠦ | ᠲᠠᠯ᠎ᠠ ᠪᠠᠷ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ | ᠲᠠᠯ᠎ᠠ ᠶᠢ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠤᠯᠠᠮ ᠨᠢᠭᠡ ᠠᠯᠬᠤᠮ ᠠᠬᠢᠭᠤᠯᠬᠤ ᠪᠠ ᠤᠬᠠᠭᠠᠯᠠᠨ ᠲᠥᠯᠥᠪᠯᠡᠵᠦ᠂ ᠨᠡᠶᠢᠭᠡᠮ ᠵᠢᠷᠤᠮ ᠤᠨ ᠠᠷᠠᠳᠴᠢᠯᠠᠯ ᠪᠠ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠠᠷᠠᠳ ᠤᠨ ᠠᠮᠢᠳᠤᠷᠠᠯ ᠢ ᠪᠠᠲᠤᠯᠠᠬᠤ ᠪᠠ ᠠᠮᠢ | ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠤᠯᠤᠰ ᠣᠷᠣᠨ ᠤ | ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠰᠢᠶᠠᠩᠭᠠᠩ | ᠣᠣᠮᠧᠨ ᠤ ᠠᠵᠢᠯ ᠪᠠ ᠲᠠᠶᠢᠸᠠᠨ ᠤ ᠲᠤᠬᠠᠢ ᠠᠵᠢᠯ ᠢ ᠦᠷᠭᠦᠯᠵᠢᠯᠡᠨ ᠠᠬᠢᠭᠤᠯᠵᠤ᠂ ᠳᠤᠮᠳᠠᠲᠤ ᠤᠯᠤᠰ ᠤᠨ | ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠤᠨ᠂ ᠨᠠᠮ ᠢ ᠪᠦᠭᠦ | ᠲᠠᠯ᠎ᠠ ᠪᠠᠷ ᠴᠢᠩᠭ᠎ᠠ ᠵᠠᠰᠠᠬᠤ ᠶᠢ ᠢᠮᠠᠭᠲᠠ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ | ᠪᠡᠶᠡᠯᠡᠭᠦᠯᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ | ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠰᠠᠨᠠᠯ ᠨᠢᠭᠡᠲᠡᠢ ᠦᠵᠡᠵᠡᠢ᠃ | ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠳᠡᠭᠡᠳᠦ | ᠬᠡᠮᠵᠢᠶ᠎ᠡ ᠪᠠᠷ ᠦᠨᠡᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠤᠭᠠᠳ᠂ ᠣᠳᠣᠬᠠᠨ ᠤ | ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠲᠠᠰᠤᠷᠠᠯᠳᠠ ᠦᠭᠡᠢ ᠠᠬᠢᠭᠤᠯᠵᠤ | ᠪᠠᠶᠢᠭ᠎ᠠ ᠪᠥᠭᠡᠳ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠰᠠᠷᠠᠭᠤᠯ ᠠᠭᠤᠳᠠᠮ ᠢᠷᠡᠭᠡᠳᠦᠢ ᠶᠢ ᠨᠡᠭᠡᠭᠡᠬᠦ ᠨᠢ | ᠯᠠᠪᠲᠠᠢ ᠶᠤᠮ᠃ ᠡᠭᠡᠳᠡᠷᠡᠭᠡᠨ ᠪᠤᠳᠤᠯᠢᠶᠠᠨᠲᠠᠢ ᠤᠯᠤᠰ ᠤᠨ ᠭᠠᠳᠠᠭᠠᠳᠤ ᠳᠣᠲᠣᠭᠠᠳᠤ ᠶᠢᠨ ᠪᠠᠶᠢᠳᠠᠯ ᠤᠨ ᠡᠮᠦᠨ᠎ᠡ᠂ | ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ | ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ | ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ ᠭᠡᠵᠦ ᠦᠵᠡᠪᠡ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ | ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ | ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ | ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ | ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠤᠯᠠᠮ ᠨᠢᠭᠡ | ᠠᠯᠬᠤᠮ ᠬᠥᠭᠵᠢᠭᠡᠨ ᠨᠡᠮᠡᠭᠳᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ | ᠨᠢᠭᠡᠳᠦᠯᠲᠡᠢ ᠲᠥᠯᠥᠪᠯᠡᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠩᠭᠤᠢ ᠪᠠᠷ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠬᠥᠲᠥᠯᠥᠮᠵᠢ ᠪᠤᠯᠭᠠᠵᠤ | ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠭᠦᠯᠬᠦ ᠪᠠᠷ ᠡᠭᠦᠰᠦᠯᠲᠡ ᠪᠠ ᠦᠷ᠎ᠡ ᠳ᠋ᠦᠩ ᠪᠤᠯᠭᠠᠵᠤ᠂ ᠰᠢᠰᠲ᠋ᠧᠮᠵᠢᠭᠦᠯᠦᠨ ᠬᠤᠷᠠᠭᠤᠯᠬᠤ ᠶᠢ ᠨᠡᠩ ᠢᠯᠡᠭᠦᠦ | ᠴᠢᠬᠤᠯᠠᠴᠢᠯᠠᠵᠤ᠂ ᠭᠤᠣᠯᠳᠠᠯᠭ᠎ᠠ ᠶᠢ ᠳᠣᠪᠤᠶᠢᠯᠭᠠᠬᠤ ᠶᠢ ᠨᠡᠩ ᠢᠯᠡᠭᠦᠦ ᠴᠢᠬᠤᠯᠠᠴᠢᠯᠠᠵᠤ᠂ ᠥᠭᠡᠷᠡᠴᠢᠯᠡᠯᠲᠡ ᠶᠢᠨ | ᠪᠣᠳᠠᠲᠤ ᠦᠷ᠎ᠡ ᠪᠦᠲᠦᠮᠵᠢ ᠶᠢ ᠨᠡᠩ ᠢᠯᠡᠭᠦᠦ ᠴᠢᠬᠤᠯᠠᠴᠢᠯᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠠ | ᠦᠢᠯᠡᠳᠪᠦᠷᠢᠯᠡᠯ ᠤᠨ ᠬᠦᠴᠦᠨ᠂ ᠳᠠᠪᠬᠤᠷᠭ᠎ᠠ ᠪᠠ ᠠᠵᠤ ᠠᠬᠤᠢ ᠶᠢᠨ ᠰᠠᠭᠤᠷᠢ᠂ ᠲᠦᠷᠦ ᠶᠢᠨ ᠵᠠᠰᠠᠯᠲᠠ ᠪᠠ | ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠵᠣᠬᠢᠴᠠᠯᠳᠤᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ | ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮᠲᠤ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ | ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠥᠨᠳᠥᠷ ᠲᠦᠪᠰᠢᠨ | ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠤᠨ | ᠪᠦᠲᠦᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠨᠡᠩ | ᠲᠡᠭᠦᠯᠳᠡᠷᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠦᠭᠡᠳ᠂ ᠲᠤᠰ ᠵᠠᠭᠤᠨ ᠤ ᠳᠤᠮᠳᠠᠴᠢ ᠦᠶ᠎ᠡ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ | ᠶᠠᠪᠤᠳᠠᠯ ᠪᠣᠯᠣᠨ᠎ᠠ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ | ᠤᠳᠤᠷᠢᠳᠬᠤ ᠬᠢᠷᠢ ᠬᠡᠮᠵᠢᠶ᠎ᠡ ᠪᠠ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠬᠡᠷᠡᠭᠲᠡᠢ᠃ | 2029 ᠣᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠠᠶᠠᠨ ᠵᠢᠯ ᠤᠨ ᠤᠢ | ᠪᠤᠯᠬᠤ ᠦᠶ᠎ᠡ ᠪᠠᠷ᠂ ᠲᠤᠰ ᠲᠣᠭᠲᠠᠭᠠᠯ ᠳᠤ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ | ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ | ᠬᠡᠷᠡᠭᠯᠡᠵᠦ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ | ᠪᠤᠯᠭᠠᠬᠤ ᠶᠢ ᠪᠠᠷᠢᠮᠲᠠᠯᠠᠬᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ᠂ ᠪᠠᠶᠢᠭᠤᠯᠤᠯ ᠤᠨ | ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ | ᠵᠠᠰᠠᠬᠤ ᠶᠢ ᠪᠠᠷᠢᠮᠲᠠᠯᠠᠬᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠵᠡᠷᠭᠡ ᠵᠠᠷᠴᠢᠮ ᠢ ᠲᠤᠭᠤᠰᠢᠯᠠᠭᠤᠯᠬᠤ | ᠬᠡᠷᠡᠭᠲᠡᠢ᠃ | ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ | ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠪᠠᠶᠢᠭᠤᠯᠤᠯ ᠤᠨ ᠰᠢᠰᠲ᠋ᠧᠮ ᠢ | ᠪᠦᠷᠢᠨᠰᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠨᠠᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠵᠢᠯ ᠢ ᠤᠳᠤᠷᠢᠳᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠨᠠᠩ ᠲᠥᠪ ᠭᠤᠤᠯᠴᠢ᠂ ᠨᠠᠩ ᠠᠮᠢᠵᠢᠷᠠᠯ ᠤᠨ ᠬᠦᠴᠦᠨ ᠲᠠᠢ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠡᠭᠦᠳᠴᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ | ᠬᠠᠮᠤᠭ ᠤᠨ ᠰᠢᠯᠢᠳᠡᠭ ᠪᠤᠯᠭᠠᠬᠤ ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠵᠦ᠂ ︽ | ᠠᠮᠢᠳᠤᠯᠢᠭ ᠪᠤᠯᠭᠠᠵᠦ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ ᠲᠡᠶᠢᠯᠭᠦ︾ ᠪᠠᠶᠢᠵᠤ᠂ ᠵᠠᠬ᠎ᠠ ᠳᠡᠯᠭᠡᠭᠦᠷ ᠤᠨ | ᠡᠮᠬᠢ ᠵᠢᠷᠤᠮ ᠢ ᠨᠡᠩ ᠰᠠᠶᠢᠨ ᠬᠠᠮᠠᠭᠠᠯᠠᠵᠤ᠂ ᠵᠠᠬ᠎ᠠ ᠳᠡᠯᠭᠡᠭᠦᠷ ᠦᠢᠯᠡᠳᠦᠯ ᠢᠶᠠᠨ ᠠᠯᠳᠠᠬᠤ ᠶᠢ ᠨᠠᠩ ᠰᠠᠶᠢᠨ | ᠨᠥᠬᠦᠪᠦᠷᠢᠯᠡᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ ᠪᠦᠭᠦ | ᠨᠡᠶᠢᠭᠡᠮ ᠤᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ | ᠬᠡᠷᠡᠭᠲᠡᠢ᠃ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠥᠴᠥᠬᠡᠨ ᠴᠦ ᠭᠤᠶᠢᠪᠢᠰᠢ ᠦᠭᠡᠢ ᠪᠠᠷ ᠪᠠᠬᠢᠵᠢᠭᠦᠯᠦᠨ | ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠥᠴᠥᠬᠡᠨ ᠴᠦ | ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠴᠤ᠂ ᠡᠯ᠎ᠡ ᠵᠦᠢᠯ ᠤᠨ ᠥᠮᠴᠢᠯᠡᠯ ᠤᠨ | ᠠᠵᠤ ᠠᠬᠤᠢ ᠶᠢᠨ ᠬᠠᠤᠯᠢ ᠶᠣᠰᠣᠭᠠᠷ ᠦᠢᠯᠡᠳᠪᠦᠷᠢᠯᠡᠯ ᠤᠨ ᠡᠯᠧᠮᠧᠨ᠋ᠲ ᠢ ᠡᠷᠬᠡ ᠲᠡᠭᠰᠢ ᠪᠠᠷ ᠬᠡᠷᠡᠭᠯᠡᠬᠦ᠂ ᠵᠠᠬ᠎ᠠ | ᠳᠡᠯᠭᠡᠭᠦᠷ ᠤᠨ ᠥᠷᠢᠰᠦᠯᠳᠦᠭᠡᠨ ᠳᠤ ᠠᠳᠠᠯᠢ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ | ᠠᠳᠠᠯᠢ ᠪᠠᠷ ᠭᠦᠷᠲᠡᠭᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ | ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ | ᠰᠠᠭᠤᠷᠢ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ | ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠮᠠᠰᠢᠭᠤᠯᠤᠯ ᠤᠨ ᠪᠠ | ᠬᠢᠵᠠᠭᠠᠷᠯᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ | ᠳᠠᠪᠠᠭᠤᠯᠢᠭ ᠢ ᠪᠤᠢ ᠪᠤᠯᠭᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠪᠣᠳᠠᠲᠤ | ᠴᠣᠭᠴᠠ ᠶᠢᠨ ᠠᠵᠤ ᠠᠬᠤᠢ ᠪᠠ ᠳ᠋ᠢᠵᠢᠲ᠋ᠠᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠦᠷᠢᠮ ᠢ | ᠪᠦᠷᠢᠨᠰᠢᠭᠦᠯᠦᠨ᠂ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ | ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ | ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠳᠦᠷᠢᠮ ᠢ ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠡᠷᠬᠡᠪᠰᠢ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠨᠢᠭᠡ ᠴᠣᠭᠴᠠᠵᠢᠭᠰᠠᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠪᠦᠷᠢᠨᠰᠢᠭᠦᠯᠵᠦ᠂ | ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ | ᠬᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ | ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠢᠨᠵᠢᠯᠡᠬᠦ ᠤᠬᠠᠭᠠᠨᠴᠢ ᠬᠤᠷᠸ᠎ᠠ ᠲᠣᠬᠢᠷᠠᠭᠤᠯᠤᠯ | ᠡᠵᠡᠮᠳᠡᠯ᠂ ᠪᠦᠲᠦᠮᠵᠢᠲᠡᠶ ᠵᠠᠰᠠᠭ ᠤᠨ ᠣᠷᠳᠣᠨ ᠤ ᠵᠠᠰᠠᠯᠲᠠ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ | ᠬᠤᠷᠸ᠎ᠠ ᠲᠣᠬᠢᠷᠠᠭᠤᠯᠤᠯ ᠡᠵᠡᠮᠳᠡᠯ ᠤᠨ ᠪᠠᠶᠢᠭᠤᠯᠤᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ | ᠭᠠᠶᠢᠯᠢ᠂ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ | ᠴᠢᠩᠭᠠᠳᠬᠠᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠲᠥᠯᠦᠪᠵᠢᠭᠦᠯᠭᠡ ᠶᠢᠨ ᠰᠢᠰᠲ᠋ᠧᠮ ᠪᠠ | ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ | ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ | ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠬᠢᠷᠢ ᠬᠡᠮᠵᠢᠶ᠎ᠡ ᠶᠢ ᠪᠦᠭᠦ | ᠲᠠᠯ᠎ᠠ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ | ᠴᠢᠭᠯᠡᠯ ᠢᠶᠠᠷ ᠰᠢᠯᠵᠢᠭᠦ ᠶᠢ ᠠᠬᠢᠭᠤᠯᠤᠨ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ | ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ | ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ | ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ | ᠬᠦᠷᠲᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠭᠠᠵᠠᠷ ᠰᠢᠷᠣᠢ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠢᠯᠡᠳᠬᠡᠮᠵᠢ ᠲᠡᠮᠳᠡᠭ ᠮᠥᠨ᠃ ᠡᠷᠬᠡᠪᠰᠢ ᠭᠠᠳᠠᠭᠰᠢ ᠨᠡᠭᠡᠭᠡᠯᠲᠡ | ᠬᠢᠬᠦ ᠦᠨᠳᠦᠰᠦᠨ ᠤᠯᠤᠰ ᠤᠨ ᠪᠣᠳᠣᠯᠭ᠎ᠠ ᠶᠢ ᠪᠠᠷᠢᠮᠲᠠᠯᠠᠵᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ | ᠪᠠᠷᠢᠮᠲᠠᠯᠠᠵᠤ᠂ ᠮᠠᠨ ᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ | ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ | ᠪᠠᠶᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠭᠠᠳᠠᠭᠠᠳᠤ | ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠬᠤ ᠪᠠ ᠭᠠᠳᠠᠭᠠᠳᠤ ᠳᠤ ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠪᠠᠷ ᠬᠠᠮᠲᠤ ᠪᠠᠷ ᠪᠠᠶᠢᠭᠤᠯᠬᠤ ᠶᠢ | ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ | ᠮᠥᠨ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠦᠨᠳᠦᠰᠦᠨ ᠤᠯᠤᠰ | ᠲᠥᠷᠥ ᠶᠢᠨ ᠪᠠᠶᠢᠭᠤᠯᠤᠯ᠂ ᠭᠤᠣᠯ ᠤᠯᠤᠰ ᠲᠥᠷᠥ ᠶᠢᠨ ᠪᠠᠶᠢᠭᠤᠯᠤᠯ᠂ ᠴᠢᠬᠤᠯᠠ ᠤᠯᠤᠰ ᠲᠥᠷᠥ ᠶᠢᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠳᠡᠰ ᠱᠠᠲᠤᠨ ᠤ ᠠᠷᠠᠳᠴᠢᠯᠠᠯ ᠤᠨ ᠭᠡᠯᠪᠡᠷᠢ ᠶᠢ | ᠪᠠᠶᠠᠯᠢᠭᠵᠢᠭᠤᠯᠤᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠠᠪᠤᠳᠠᠯ ᠢ ᠤᠯᠤᠰ ᠤᠨ ᠤᠯᠤᠰ | ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠤᠨ ᠲᠠᠯ᠎ᠠ ᠪᠦᠭᠦᠨ ᠳᠤ ᠦᠨᠡᠨ ᠪᠣᠳᠠᠲᠠᠢ ᠪᠠᠷ ᠢᠯᠡᠷᠡᠭᠦᠯᠬᠦ | ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ ᠪᠠᠶᠢᠭᠤᠯᠤᠯᠲᠠ ᠶᠢ ᠴᠢᠩᠭᠠᠳᠬᠠᠵᠤ᠂ | ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ | ᠪᠦᠷᠢᠨᠰᠢᠭᠦᠯᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠦᠨᠳᠦᠰᠦᠨ ᠬᠠᠤᠯᠢ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ | ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠶᠢᠨ | ᠥᠭᠡᠷᠡᠴᠢᠯᠡᠯᠲᠡ ᠶᠢ ᠬᠠᠮᠵᠢᠯᠴᠠᠭᠤᠯᠤᠨ ᠠᠬᠢᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ | ᠲᠡᠭᠰᠢ ᠪᠠᠶᠢᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ | ᠤᠯᠤᠰ ᠤᠨ ᠡᠯ᠎ᠡ ᠲᠠᠯ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠠᠤᠯᠢ | ᠲᠣᠭᠲᠠᠭᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠭᠦᠨᠵᠡᠭᠡᠢ ᠠᠬᠢᠭᠤᠯᠤᠨ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠪᠠᠶᠢᠭᠤᠯᠤᠯ ᠲᠣᠭᠲᠠᠴᠠ ᠶᠢ | ᠪᠦᠷᠢᠨᠰᠢᠭᠦᠯᠵᠦ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ | ᠡᠷᠬᠡᠪᠰᠢ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ | ᠬᠤᠪᠢᠰᠬᠠᠯᠲᠤ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ | ᠲᠦᠷᠭᠡᠯᠡᠨ ᠵᠣᠬᠢᠴᠠᠭᠤᠯᠵᠤ᠂ ᠠᠤᠭ᠎ᠠ ᠶᠡᠭᠡ ᠬᠡᠪᠴᠢᠶ᠎ᠡ ᠪᠦᠬᠦᠢ ᠰᠢᠯᠢᠳᠡᠭ ᠰᠣᠶᠣᠯ ᠤᠨ ᠴᠢᠳᠠᠪᠤᠷᠢᠲᠠᠨ ᠤ ᠡᠩᠨᠡᠭᠡ ᠶᠢ | ᠪᠤᠶᠢᠵᠢᠭᠤᠯᠤᠨ ᠪᠦᠷᠢᠯᠳᠦᠭᠦᠯᠵᠦ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠪᠠ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠰᠣᠶᠣᠯ ᠤᠨ ᠦᠢᠯᠡᠴᠢᠯᠡᠭᠡ ᠪᠠ ᠰᠣᠶᠣᠯ ᠤᠨ ᠦᠢᠯᠡᠳᠬᠦᠨ ᠤ | ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠨᠡᠩ ᠪᠦᠲᠦᠮᠵᠢᠲᠡᠶ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠰᠢᠰᠲ᠋ᠧᠮ ᠢ ᠪᠠᠶᠢᠭᠤᠯᠬᠤ | ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ | ᠡᠭᠦᠷᠭᠡ ᠮᠥᠨ᠃ ᠡᠷᠬᠡᠪᠰᠢ ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠳᠣᠲᠣᠷ᠎ᠠ ᠬᠢᠬᠦ ᠶᠢ | ᠪᠠᠷᠢᠮᠲᠠᠯᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ | ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠦᠮᠡᠨ ᠤ ᠬᠠᠮᠤᠭ ᠠᠴᠠ | ᠢᠯᠡᠭᠦᠦ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠥᠨ ᠠᠮᠠ ᠶᠢᠨ ᠬᠥᠭᠵᠢᠯᠲᠡ ᠶᠢ | ᠳᠡᠮᠵᠢᠬᠦ ᠪᠠ ᠲᠡᠭᠦᠨ ᠳᠤ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠪᠣᠯ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ | ᠡᠷᠬᠡᠪᠰᠢ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ | ᠨᠡᠭᠦᠷᠡᠰᠤᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠭᠤᠷ | ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠨ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ | ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠪᠠᠶᠢᠭᠤᠯᠤᠯ ᠲᠣᠭᠲᠠᠴᠠ ᠶᠢ | ᠲᠦᠷᠭᠡᠯᠡᠨ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠰᠠᠭᠤᠷᠢ ᠪᠠᠶᠢᠭᠤᠯᠤᠯ ᠢ | ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠣᠭᠤᠭᠠᠨ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠤᠯᠤᠰ ᠤᠨ ᠠᠮᠤᠷ ᠲᠦᠪᠰᠢᠨ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠠᠯᠤᠰ ᠢ ᠵᠣᠷᠢᠬᠤ ᠶᠢᠨ ᠴᠢᠬᠤᠯᠠ ᠰᠠᠭᠤᠷᠢ ᠮᠥᠨ | ᠃ ᠡᠷᠬᠡᠪᠰᠢ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ | ᠦᠢᠯᠡᠳᠦᠯᠴᠡᠯ ᠢ ᠪᠡᠶᠡᠯᠡᠭᠦᠯᠵᠦ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠵᠦ᠂ ᠤᠯᠠᠨ ᠨᠡᠶᠢᠲᠡ ᠶᠢᠨ ᠠᠮᠤᠷ | ᠲᠦᠪᠰᠢᠨ ᠤ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠭᠠᠳᠠᠭᠠᠳᠤ ᠳᠤ ᠬᠤᠯᠪᠣᠭᠳᠠᠬᠤ ᠤᠯᠤᠰ ᠤᠨ ᠠᠮᠤᠷ ᠲᠦᠪᠰᠢᠨ ᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ | ᠪᠦᠷᠢᠯᠳᠦᠭᠦᠨ ᠬᠡᠰᠡᠭ ᠮᠥᠨ᠃ ᠡᠷᠬᠡᠪᠰᠢ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ | ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠬᠤᠭᠤᠴᠠᠭ᠎ᠠ | ᠶᠣᠰᠣᠭᠠᠷ ᠪᠡᠶᠡᠯᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳ ᠤᠨ ᠴᠡᠷᠢᠭ | ᠠᠩᠭᠢ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠭᠰᠠᠨ | ᠪᠠᠶᠢᠯᠳᠤᠭᠠᠨ ᠬᠢᠬᠦ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ | ᠠᠯᠤᠰᠯᠠᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠡᠷᠬᠡᠪᠰᠢ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠨᠠᠮ ᠤᠨ ᠥᠪᠡᠷ ᠤᠨ ᠪᠡᠶ᠎ᠡ ᠳᠡᠭᠡᠨ ᠬᠢᠬᠦ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ | ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠵᠤ᠂ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠ ᠴᠢᠩᠭ᠎ᠠ | ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠨᠠᠮ ᠤᠨ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ | ᠲᠠᠰᠤᠷᠠᠯᠲᠠ ᠦᠭᠡᠢ ᠠᠬᠢᠭᠤᠯᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠠᠬᠢ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠠᠳᠠᠭᠠᠰᠤ | ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠡᠷᠬᠡᠪᠰᠢ ᠪᠡᠶ᠎ᠡ ᠪᠠᠨ ᠳᠠᠭᠠᠭᠠᠵᠤ | ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠂ ᠪᠦᠭᠦ | ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠣᠯᠠᠨ ᠲᠦᠢᠯᠰᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ | ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ | ᠪᠠᠶᠢᠭᠤᠯᠤᠯᠲᠠ ᠳᠤ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠵᠤ᠂ ᠤᠯᠤᠰ ᠤᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠨ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠭᠦ | ᠨᠠᠮ ᠪᠦᠭᠦ ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ | ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠬᠤ ᠪᠠ ᠡᠵᠡᠮᠰᠢᠬᠦ ᠬᠡᠷᠡᠭᠲᠡᠢ᠃ ᠪᠦᠭᠦ ᠨᠠᠮ ᠢᠶᠠᠷ ᠢᠶᠠᠨ ︽ | ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ | ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | ᠪᠦᠭᠦᠳᠡ ᠬᠤᠷᠠᠯ ᠠᠴᠠ ᠣᠳᠣᠬᠠᠨ ᠤ ᠪᠠᠶᠢᠳᠠᠯ ᠪᠠ ᠡᠭᠦᠷᠭᠡ ᠶᠢ ᠵᠠᠳᠠᠯᠤᠨ ᠰᠢᠨᠵᠢᠯᠡᠭᠡᠳ ᠴᠢᠬᠤᠯᠠᠴᠢᠯᠠᠭᠰᠠᠨ ᠨᠢ | ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ | ᠬᠡᠷᠡᠭᠲᠡᠢ᠃ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢᠨ ᠶᠣᠰᠣᠭᠠᠷ᠂ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠢᠳᠡᠪᠬᠢᠲᠡᠢ ᠥᠷᠭᠡᠳᠬᠡᠨ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠭᠠᠳᠠᠭᠠᠳᠤ ᠠᠷᠠᠯᠵᠢᠶᠠᠨ ᠤ | ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠯᠡᠨ ᠪᠤᠶᠢᠵᠢᠭᠤᠯᠵᠤ᠂ ᠨᠣᠭᠤᠭᠠᠨ ᠪᠥᠭᠡᠳ ᠨᠡᠭᠦᠷᠡᠰᠦᠲᠦ᠋ᠷᠦᠭᠴᠢ ᠪᠠᠭᠠᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ | ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ ᠦᠨᠡᠯᠡᠵᠦ᠂ ᠠᠷᠪᠠᠨ ᠲᠠᠪᠤᠳᠤᠭᠠᠷ ᠲᠠᠪᠤᠨ ᠵᠢᠯ ᠤᠨ | ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠤᠬᠠᠭᠠᠯᠠᠨ ᠲᠥᠯᠥᠪᠯᠡᠬᠦ ᠠᠵᠢᠯ ᠢ ᠦᠨᠡᠨ ᠬᠦ ᠰᠠᠶᠢᠲᠤᠷ ᠬᠢᠬᠦ | ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ | ᠨᠢᠭᠡᠳᠦᠯᠲᠡᠢ ᠲᠥᠯᠥᠪᠯᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠵᠠᠰᠠᠭ ᠤᠨ | ᠣᠷᠳᠣᠨ ᠤ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠴᠢᠬᠤᠯᠠ | ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠪᠠᠶᠢᠭᠠᠯᠢ ᠶᠢᠨ ᠭᠠᠮᠰᠢᠭ ᠢᠯᠠᠩᠭᠤᠶ᠎ᠠ ᠦᠶᠡᠷ ᠤᠰᠤᠲᠤᠯ ᠤᠨ ᠭᠠᠮᠰᠢᠭ ᠢ ᠬᠢᠨᠠᠨ ᠬᠡᠮᠵᠢᠬᠦ᠂ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠲᠣᠣᠷ ᠢ ᠨᠢᠭᠲᠠ ᠰᠦᠯᠵᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ | ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠦᠵᠡᠯ ᠤᠬᠠᠮᠰᠠᠷ ᠤᠨ ᠭᠡᠯᠪᠡᠷᠢ ᠶᠢᠨ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠭᠠᠳᠠᠭᠠᠳᠤ ᠲᠦᠭᠰᠢᠭᠦᠷᠢ ᠰᠢᠯᠭᠠᠯᠲᠠ ᠶᠢ | ᠪᠦᠲᠦᠮᠵᠢᠲᠡᠢ ᠠᠷᠭᠠᠴᠠᠨ᠂ ᠪᠦᠭᠦ ᠪᠥᠮᠪᠥᠷᠴᠡᠭ ᠤᠨ ᠵᠠᠰᠠᠯᠲᠠ ᠶᠢ ᠬᠥᠲᠥᠯᠥᠨ ᠳᠠᠭᠠᠭᠤᠯᠵᠤ᠂ ᠠᠰᠢᠭᠲᠠᠢ ᠭᠠᠳᠠᠭᠠᠳᠤ | ᠣᠷᠴᠢᠨ ᠨᠥᠬᠦᠴᠡᠯ ᠢ ᠰᠠᠨᠠᠭᠠᠴᠢᠯᠠᠭ᠎ᠠ ᠠᠴᠠ ᠪᠠᠨ ᠪᠤᠢ ᠪᠤᠯᠭᠠᠬᠤ ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠤᠨ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ | ᠵᠡᠪᠰᠡᠭᠯᠡᠬᠦ ᠶᠢ ᠰᠠᠶᠢᠲᠤᠷ ᠠᠳᠬᠤᠵᠤ᠂ ᠪᠦᠭᠦ ᠨᠠᠮ ᠤᠨ ᠮᠠᠷᠺᠰ ᠤᠨ ᠦᠵᠡᠯ ᠤᠨ ᠬᠢᠷᠢ ᠬᠡᠮᠵᠢᠶ᠎ᠡ ᠪᠠ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ | ᠵᠠᠰᠠᠬᠤ ᠰᠢᠰᠲ᠋ᠧᠮ ᠢ ᠪᠦᠷᠢᠨᠰᠢᠭᠦᠯᠵᠦ᠂ ᠰᠤᠷᠲᠠᠯ ᠢᠶᠠᠨ ᠦᠨᠡᠨ ᠬᠦ ᠰᠠᠶᠢᠵᠢᠷᠠᠭᠤᠯᠤᠨ᠂ ᠭᠡᠯᠪᠡᠷᠢ ᠶᠢᠨ ᠦᠵᠡᠯ᠂ | ᠨᠣᠶᠠᠨᠴᠢ ᠰᠤᠷᠲᠠᠯ ᠤᠨ ᠠᠷᠬᠠᠭ ᠭᠡᠮ ᠢ ᠲᠡᠪᠴᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ | ᠬᠥᠩᠭᠡᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠨᠠᠮ ᠤᠨ | ᠪᠦᠯᠬᠦᠮᠳᠡᠯ ᠨᠢᠭᠡᠳᠦᠯ ᠢ ᠬᠠᠮᠠᠭᠠᠯᠠᠵᠤ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠡᠶᠢᠴᠢᠠ | ᠬᠦᠴᠦᠨ ᠢ ᠲᠡᠰᠦᠷᠡᠯᠳᠠ ᠦᠭᠡᠢ ᠴᠢᠩᠭᠠᠳᠬᠠᠬᠤ ᠬᠡᠷᠡᠭᠲᠡᠢ᠃ | ᠪᠦᠭᠦᠳᠡ ᠬᠤᠷᠠᠯ ᠠᠴᠠ ᠨᠠᠮ ᠤᠨ ᠳᠦᠷᠢᠮ ᠤᠨ ᠲᠣᠭᠲᠠᠭᠠᠯ ᠶᠣᠰᠣᠭᠠᠷ᠂ ᠲᠥᠪ ᠬᠤᠷᠢᠶᠠᠨ ᠤ ᠣᠷᠣᠯᠠᠭᠴᠢ | ᠭᠡᠰᠢᠭᠦᠨ ᠳ᠋ᠢᠩ ᠰᠢᠶᠠᠩ ᠴᠢᠶᠦ᠋ᠨ᠂ ᠢᠦᠢ ᠯᠢ ᠵᠢᠶᠦ᠋ᠨ᠂ ᠢᠦᠢ ᠵᠢᠢ ᠬᠤᠩ ᠢ ᠲᠥᠪ ᠬᠤᠷᠢᠶᠠᠨ ᠤ ᠭᠡᠰᠢᠭᠦᠨ ᠢᠶᠠᠷ | ᠳᠠᠷᠠᠭᠠᠯᠠᠨ ᠨᠥᠬᠦᠬᠦ ᠪᠠᠷ ᠲᠣᠭᠲᠠᠭᠠᠪᠠ᠃ | ᠪᠦᠭᠦᠳᠡ ᠬᠤᠷᠠᠯ ᠠᠴᠠ᠂ ᠴᠢᠨ ᠭᠠᠩ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ | ᠵᠥᠪᠰᠢᠶᠡᠷᠡᠵᠦ᠂ ᠴᠢᠨ ᠭᠠᠩ ᠨᠥᠬᠦᠷ ᠤᠨ ᠲᠥᠪ ᠬᠤᠷᠢᠶᠠᠨ ᠤ ᠭᠡᠰᠢᠭᠦᠨ ᠤ ᠲᠤᠰᠢᠶᠠᠯ ᠢ ᠬᠠᠰᠤᠬᠤ ᠪᠠᠷ | ᠲᠣᠭᠲᠠᠭᠠᠪᠠ᠃ | ᠪᠦᠭᠦᠳᠡ ᠬᠤᠷᠠᠯ ᠠᠴᠠ ᠯᠢ ᠱᠠᠩ ᠹᠦ᠋᠂ ᠯᠢ ᠢᠦᠢ ᠴᠣᠣ᠂ ᠰᠦᠨ ᠶᠢᠨ ᠮᠢᠩ ᠤᠨ ᠰᠠᠬᠢᠯᠭ᠎ᠠ ᠪᠠᠲᠤ ᠬᠠᠤᠯᠢ | ᠴᠠᠭᠠᠵᠠ ᠠᠴᠠ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ | ᠬᠢᠨᠠᠨ ᠶᠠᠷᠢᠯᠴᠠᠵᠤ ᠪᠠᠲᠤᠯᠠᠭᠠᠳ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠠᠴᠠ ᠲᠦᠷᠦᠭᠦᠬᠡᠨ | ᠭᠠᠷᠭᠠᠭᠰᠠᠨ ᠯᠢ ᠱᠠᠩ ᠹᠦ᠋᠂ ᠯᠢ ᠢᠦᠢ ᠴᠣᠣ᠂ ᠰᠦᠨ ᠶᠢᠨ ᠮᠢᠩ ᠳᠤ ᠥᠭᠭᠦᠭᠰᠡᠨ ᠨᠠᠮ ᠠᠴᠠ ᠬᠥᠭᠡᠭᠡᠬᠦ | ᠰᠢᠢᠳᠬᠡᠯ ᠢ ᠨᠤᠲᠠᠯᠠᠪᠠ᠃ | ᠪᠦᠭᠦᠳᠡ ᠬᠤᠷᠠᠯ ᠠᠴᠠ ᠤᠷᠢᠶᠠᠯᠠᠭᠰᠠᠨ ᠨᠢ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ | ᠥᠨᠳᠥᠷ ᠮᠠᠨᠳᠤᠭᠤᠯᠤᠨ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ | ᠬᠥᠪᠴᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ | ᠪᠠᠶᠢᠭᠤᠯᠤᠨ ᠪᠦᠲᠦᠭᠡᠵᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ |