ᠡᠵᠡᠨ᠎ᠡ ᠬᠤᠰᠢᠭᠤᠨ ᠤ 11.46 ᠲᠦᠮᠡᠨ ᠲᠡᠭᠰᠢ ᠳᠥᠷᠪᠡᠯᠵᠢᠨ ᠺᠢᠯᠤᠮᠧᠲᠷ ᠨᠤᠲᠤᠭ ᠳᠡᠪᠢᠰᠬᠡᠷ ᠳᠡᠭᠡᠷ᠎ᠡ᠂ | ᠤᠯᠠᠭᠠᠨᠮᠥ᠋ᠴᠢᠷ ᠤᠨ ᠡᠩᠨᠡᠭᠡ 60 ᠭᠠᠷᠤᠢ ᠵᠢᠯ ᠤᠨ ᠬᠤᠭᠤᠴᠠᠭᠠᠨ ᠳᠤ ᠦᠨᠳᠦᠰᠦᠨ ᠱᠠᠲᠤᠨ ᠤ ᠥᠩ ᠰᠢᠮᠡᠯᠢᠭ | ᠬᠥᠷᠥᠰᠥᠨ ᠳᠤ ᠦᠨᠳᠦᠰᠦᠯᠡᠵᠦ᠂ ᠥᠪᠡᠷᠮᠢᠴᠡ ᠷᠢᠳᠢ ᠰᠢᠳᠢ ᠪᠠᠷ ᠢᠶᠠᠨ ᠰᠣᠶᠣᠯ ᠤᠨ ᠦᠢᠯᠡᠴᠢᠯᠡᠭᠡᠨ ᠤ ᠣᠷᠣᠨ | ᠵᠠᠢ ᠶᠢ ᠳᠠᠰᠤᠷᠠᠯᠳᠠ ᠦᠭᠡᠢ ᠦᠷᠭᠡᠳᠬᠡᠨ᠂ ᠰᠣᠶᠣᠯ ᠤᠨ ᠦᠷ᠎ᠡ ᠶᠢ ᠥᠷᠭᠡᠨ ᠠᠭᠤᠳᠠᠮ ᠦᠨᠳᠦᠰᠦᠨ ᠱᠠᠲᠤᠨ ᠳᠤ | ᠦᠨᠳᠦᠰᠦᠯᠡᠭᠦᠯᠦᠨ ᠰᠣᠶᠣᠭᠠᠯᠠᠭᠤᠯᠪᠠ᠃ ᠲᠠᠳᠠ ᠤᠳᠬ᠎ᠠ ᠤᠷᠠᠯᠢᠭ ᠢᠶᠠᠷ ᠵᠠᠭᠤᠴᠢ ᠪᠣᠯᠭᠠᠵᠤ᠂ ᠨᠠᠮ ᠤᠨ ᠲᠠᠭᠤᠨ | ᠪᠠ ᠬᠠᠯᠠᠮᠵᠢᠯᠠᠯ ᠢ ᠮᠠᠯᠴᠢᠨ ᠲᠠᠷᠢᠶᠠᠴᠢᠨ ᠨᠢᠭᠡᠪᠦᠷᠢ ᠳᠤ ᠲᠠᠮᠵᠢᠭᠤᠯᠤᠨ᠂ ᠨᠠᠮ ᠤᠨ ᠬᠠᠶᠢᠷ᠎ᠠ ᠬᠠᠯᠠᠮᠵᠢ ᠶᠢ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠬᠦᠷᠭᠡᠵᠦ ᠪᠠᠶᠢᠨ᠎ᠠ᠃ | 6 ᠰᠠᠷ᠎ᠠ ᠶᠢᠨ 17 ᠤ ᠡᠳᠦᠷ ᠠᠴᠠ ᠡᠬᠢᠯᠡᠨ᠂ ᠬᠤᠰᠢᠭᠤᠨ ᠤ ᠤᠯᠠᠭᠠᠨᠮᠥ᠋ᠴᠢᠷ ᠤᠨ ︽ᠠᠷᠠᠳ ᠤᠨ ᠳᠤᠮᠳᠠ | ᠤᠴᠢᠬᠤ ︱2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ | ᠰᠠᠷ᠎ᠠ ᠶᠢᠨ ᠠᠵᠢᠯᠯᠠᠭ᠎ᠠ︾ ᠵᠢᠩᠬᠢᠨᠢ ᠪᠠᠷ ᠡᠬᠢᠯᠡᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠭᠡᠰᠢᠭᠦᠳ ᠮᠠᠨᠢ | ᠦᠨᠳᠤᠰᠤᠨ ᠱᠠᠳᠤᠨ ᠳᠤ ᠭᠦᠨᠵᠡᠭᠡᠶᠢᠷᠡᠵᠦ᠂ ︽ᠰᠣᠶᠣᠯ ᠢ ᠲᠦᠮᠡᠨ ᠡᠷᠦᠬᠡ ᠳᠤ ᠬᠦᠷᠭᠡᠬᠦ︾᠂ ︽ᠪᠠᠶᠠᠷ | ᠪᠠᠶᠠᠰᠤᠯ ᠢ ᠦᠨᠳᠦᠰᠦᠨ ᠱᠠᠲᠤᠨ ᠳᠤ ᠬᠦᠷᠭᠡᠬᠦ︾᠂ ᠤᠯᠠᠭᠠᠨᠮᠥ᠋ᠴᠢᠷ ᠤᠨ ︽ᠵᠢᠷᠭᠤᠭ᠎ᠠ ᠶᠢ ᠣᠷᠣᠭᠤᠯᠬᠤ︾ ᠵᠡᠷᠭᠡ | ᠠᠵᠢᠯᠯᠭᠠᠨ ᠤ ᠠᠴᠢᠶᠠᠯᠠᠪᠤᠷᠢ ᠶᠢ ᠬᠡᠷᠡᠭᠯᠡᠨ᠂ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ | ᠵᠢᠯᠤᠭᠤᠳᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠳᠠ᠂ ᠡᠮᠴᠢᠯᠡᠭᠡ ᠡᠷᠡᠭᠦᠯ ᠬᠠᠮᠠᠭᠠᠯᠠᠯ | ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ | ᠤᠨ ᠠᠵᠢᠯ ᠤᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠯᠠᠨ ᠲᠦᠮᠡᠨ ᠳᠤ ᠤᠬᠠᠭᠤᠯᠬᠤ᠂ ᠣᠯᠠᠨ | ᠲᠦᠮᠡᠨ ᠢ ᠬᠥᠮᠥᠵᠢᠭᠦᠯᠬᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ | ᠦᠭᠡᠢ ᠨᠡᠪᠳᠡᠷᠡᠬᠦᠯᠦᠨ᠂ ᠨᠠᠮ ᠤᠨ ᠲᠠᠭᠤᠨ ᠪᠠ ᠬᠠᠯᠠᠮᠵᠢᠯᠠᠯ ᠢ ᠨᠠᠩ ᠭᠦᠨ᠂ ᠨᠠᠩ ᠬᠤᠯᠠ ᠲᠠᠮᠵᠢᠭᠤᠯᠪᠠ᠃ ᠣᠲᠣ | ᠪᠣᠯᠲᠠᠯ᠎ᠠ᠂ ᠬᠤᠰᠢᠭᠤᠨ ᠤ ᠤᠯᠠᠭᠠᠨᠮᠥ᠋ᠴᠢᠷ ᠤᠨ ᠬᠢᠨ ᠨᠢᠭᠡᠨᠲᠡ 126 ᠭᠠᠷᠤᠢ ᠲᠠᠯᠠᠪᠤᠷ ᠬᠥᠳᠡᠭᠡ ᠪᠠᠭᠤᠵᠤ | ᠲᠣᠭᠯᠠᠯᠲᠠ ᠭᠠᠷᠭᠠᠵᠠᠢ᠃ | ᠣᠯᠠᠨ ᠵᠢᠯ ᠤᠨ ᠲᠤᠷᠰᠢ᠂ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠠᠷᠠᠳ ᠲᠦᠮᠡᠨ ᠤ ᠳᠤᠮᠳᠠ | ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠨ᠂ ᠦᠨᠳᠦᠰᠦᠨ ᠱᠠᠲᠤᠨ ᠤ ᠣᠯᠠᠨ ᠲᠦᠮᠡᠨ ᠳᠤ ︽ᠣᠶᠤᠨ | ᠰᠠᠨᠠᠭᠠᠨ ᠤ ᠲᠡᠵᠢᠭᠡᠯ︾ ᠬᠦᠷᠭᠡᠨ᠂ ᠪᠠᠶᠠᠷ ᠪᠠᠶᠠᠰᠤᠯ ᠢ ᠠᠪᠴᠢᠷᠠᠵᠤ᠂ ᠲᠡᠳᠡ ᠮᠠᠨᠢ ᠤᠭ ᠰᠠᠨᠠᠭ᠎ᠠ ᠪᠠᠨ | ᠪᠠᠷᠢᠮᠳᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠳᠤ ᠦᠢᠯᠡᠴᠢᠯᠡᠭᠰᠡᠭᠡᠷ ᠪᠠᠶᠢᠭ᠎ᠠ ᠶᠤᠮ᠃ |