ᠡᠵᠡᠨ᠎ᠡ ᠬᠤᠰᠢᠭᠤᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠩᠭᠢ ᠪᠥᠬᠦ ᠣᠷᠣᠨ ᠤ ᠵᠠᠭᠤᠨ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ ᠳᠤ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2024/7/8
    6 ᠳ᠋ᠤᠭᠠᠷ ᠰᠠᠷ᠎ᠠ ᠶᠢᠨ 24᠎ ᠤ ᠡᠳᠦᠷ ᠠᠴᠠ 28᠎ ᠤ ᠡᠳᠦᠷ ᠪᠣᠯᠲᠠᠯ᠎ᠠ᠂ ᠡᠵᠡᠨ᠎ᠡ ᠬᠤᠰᠢᠭᠤᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠩᠭᠢ ᠶᠢᠨ 6 ᠭᠡᠰᠢᠭᠦᠨ ᠢ ᠰᠣᠩᠭᠤᠨ ᠲᠣᠮᠢᠯᠠᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠪᠠᠶᠠᠷ ᠪᠠᠶᠠᠰᠬᠤᠯᠠᠩᠲᠤ ᠲᠠᠯ᠎ᠠ ᠨᠤᠲᠤᠭ ᠤᠨ ᠡᠷᠡᠭᠦᠯ ᠡᠩᠬᠡ ᠥᠪᠥᠷ ᠮᠣᠩᠭᠤᠯ︾ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠵᠠᠭᠤᠨ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠤᠷᠤᠯᠳᠤᠭᠠᠨ ᠳᠤ ᠣᠷᠣᠯᠴᠠᠭᠤᠯᠵᠤ᠂ ᠨᠠᠢᠮᠠᠨ ᠬᠡᠰᠡᠭ ᠬᠡᠮᠡᠷᠯᠢᠭ᠂ ᠪᠥᠵᠢᠭ ᠤᠨ ᠲᠥᠷᠥᠯ ᠵᠦᠢᠯ ᠤᠨ ᠬᠠᠮᠲᠤ ᠶᠢᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠴᠢᠩᠭᠠᠳᠬᠠᠵᠤ᠂ ᠭᠤᠷᠪᠠᠨ ᠱᠠᠲᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠪᠣᠯᠪᠠᠰᠤᠷᠠᠯ ᠤᠨ ᠠᠩᠭᠢ ᠶᠢ ᠢᠳᠡᠪᠬᠢᠲᠡᠶ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠠᠩ ᠣᠯᠠᠨ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠣᠷᠣᠯᠴᠠᠭᠤᠯᠵᠤ᠂  ᠪᠥᠬᠦ ᠬᠤᠰᠢᠭᠤᠨ ᠤ ᠠᠷᠠᠳ ᠣᠯᠠᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号