ᠮᠠᠨ ᠤ ᠬᠤᠰᠢᠭᠤ ᠨᠢᠭᠡᠳᠤᠭᠡᠷ ᠹᠷᠤᠨᠲ ᠲᠤ ᠬᠠᠳᠠᠭᠤᠵᠢᠯᠲᠠᠢ ᠠᠵᠢᠯᠯᠠᠵᠤ ᠪᠠᠶᠢᠭ᠎ᠠ ᠠᠵᠢᠯᠲᠠᠳ ᠲᠤ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠪᠤᠳᠠᠰ ᠬᠦᠷᠭᠡᠵᠦ᠂ ᠲᠡᠳᠡᠨᠡᠷ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠯ᠎ᠡ
ᠨᠡᠶᠢᠲᠡᠯᠡᠭᠰᠡᠨ ᠴᠠᠭ᠄
2024/7/8
    7 ᠰᠠᠷ᠎ᠠ ᠶᠢᠨ 3᠎ ᠤ ᠡᠳᠦᠷ᠂ ᠳᠠᠯᠠᠶᠢᠬᠥ᠋ᠪ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠢᠨ ᠥᠨᠳᠥᠷ ᠬᠠᠯᠠᠭᠤᠨ ᠠᠭᠤᠷ ᠠᠮᠢᠰᠬᠤᠯ ᠳᠤ ᠬᠠᠳᠠᠭᠤᠵᠢᠯᠲᠠᠢ ᠠᠵᠢᠯᠯᠠᠵᠤ ᠪᠠᠶᠢᠭ᠎ᠠ ᠠᠵᠢᠯᠳᠠᠳ ᠲᠤ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠪᠤᠳᠠᠰ ᠬᠦᠷᠭᠡᠵᠦ᠂ ᠲᠡᠳᠡᠨᠡᠷ ᠲᠤ ᠨᠠᠮ ᠵᠠᠰᠠᠭ  ᠪᠠ ᠵᠣᠬᠢᠶᠠᠨ ᠪᠠᠶᠢᠭᠤᠯᠣᠯᠳᠠ ᠶᠢᠨ ᠬᠠᠶᠢᠷ᠎ᠠ ᠬᠠᠯᠠᠮᠵᠢ ᠶᠢ  ᠬᠦᠷᠲᠡᠭᠡᠵᠡᠢ᠃    ᠵᠣᠨ ᠤ ᠠᠭᠠᠬᠢᠮ᠎ᠠ ᠬᠠᠯᠠᠭᠤᠨ ᠳᠤ᠂ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷᠯᠡᠭᠴᠢᠳ ᠮᠥᠨᠬᠦ ᠠᠵᠢᠯ ᠤᠨ ᠪᠠᠶᠢᠷᠢ ᠪᠠᠨ ᠪᠠᠲᠤ ᠰᠠᠬᠢᠵᠦ᠂ ᠬᠦᠴᠦ ᠬᠥᠳᠡᠯᠮᠤᠷᠢ ᠪᠠᠷ ᠢᠶᠠᠨ ᠬᠤᠲᠠ ᠶᠢᠨ ᠳᠦᠷᠢ ᠳᠦᠷᠬᠦ ᠴᠠᠪᠡᠷ ᠳᠤᠬᠢᠯᠢᠭ᠂ ᠵᠠᠮ ᠬᠠᠷᠢᠯᠴᠠᠭ᠎ᠠ ᠠᠮᠤᠷ ᠲᠦᠪᠰᠢᠨ ᠪᠠᠶᠢᠬᠤ ᠶᠢ ᠪᠠᠳᠤᠯᠠᠳᠠᠭ᠃ ᠳᠠᠯᠠᠶᠢᠬᠥ᠋ᠪ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠠᠢ ᠬᠠᠮᠳᠣᠷᠠᠵᠤ᠂ ᠨᠢᠭᠡᠳᠦᠭᠡᠷ ᠹᠷᠤᠨᠲ ᠲᠤ ᠭᠠᠪᠰᠢᠭᠠᠶᠢᠯᠠᠨ ᠠᠵᠢᠯᠯᠠᠵᠤ ᠪᠠᠶᠢᠭ᠎ᠠ ᠬᠦᠮᠦᠰ ᠲᠤ ᠮᠦᠰᠦᠨ ᠰᠢᠬᠢᠷ᠂ ᠨᠤᠭᠤᠭᠠᠨ ᠪᠤᠷᠴᠠᠭ᠂ ᠤᠮᠳᠠᠭᠠᠨ ᠵᠡᠷᠭᠡ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠪᠤᠳᠠᠰ ᠬᠦᠷᠭᠡᠵᠦ᠂ ᠳᠡᠳᠡᠨᠡᠷ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠬᠦᠷᠲᠡᠭᠡᠬᠦ ᠶᠢᠨ ᠬᠠᠮᠳᠣ ᠳᠠᠳᠠᠨᠠᠷ ᠤᠨ ᠮᠠᠨ ᠤ ᠬᠤᠰᠢᠭᠤᠨ ᠤ ᠨᠠᠶᠢᠬᠡᠮ ᠤᠨ ᠬᠦᠭᠵᠢᠯᠲᠡ ᠳᠤ ᠥᠵᠡᠭᠦᠯᠦᠭᠰᠡᠨ ᠬᠤᠪᠢ ᠨᠡᠮᠡᠷᠢ ᠳᠤ ᠪᠠᠶᠠᠷᠯᠠᠨ ᠲᠠᠯᠠᠷᠬᠠᠵᠦ ᠪᠠᠶᠢᠭ᠎ᠠ ᠰᠡᠳᠬᠢᠯᠭᠡ ᠪᠠᠨ ᠢᠯᠡᠷᠬᠡᠶᠢᠯᠡᠵᠡᠢ᠃    ᠳᠠᠷᠠᠭ᠎ᠠ ᠎ ᠪᠠᠷ ᠨᠢ᠂ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ ᠪᠣᠯᠣᠨ ᠳᠤᠤᠷᠵᠢᠯ ᠬᠠᠮᠢᠶᠠᠷᠤᠯᠳᠠ ᠶᠢᠨ ᠠᠵᠢᠯᠲᠠᠨ ᠬᠠᠮᠲᠤ ᠪᠠᠷ ᠵᠡᠭᠡᠯᠢ ᠳᠤ ᠭᠠᠷᠴᠤ᠂ ᠨᠠᠷᠠᠰᠢᠬᠤ ᠠᠴᠠ ᠰᠡᠷᠬᠡᠶᠢᠯᠡᠬᠦ ᠪᠣᠳᠠᠰ ᠤᠳ ᠢ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷᠯᠡᠭᠴᠢᠳ ᠤᠨ ᠭᠠᠷ ᠲᠤ ᠨᠢ ᠬᠦᠷᠭᠡᠨ ᠦᠭᠴᠡᠢ᠃    ᠳᠠᠯᠠᠶᠢᠬᠥ᠋ᠪ ᠪᠠᠯᠭᠠᠰᠣᠨ ᠤ ᠨᠠᠮ ᠤᠨ ᠬᠤᠷᠢᠶᠠᠨ ᠤ ᠱᠥᠵᠢ ᠳᠠᠪᠰᠢᠯᠳᠤ᠄ ︽ᠳᠠᠷᠠᠭᠠᠴᠢ ᠪᠠᠷ᠂ ᠮᠠᠨ ᠤ ᠳᠠᠯᠠᠶᠢᠬᠥ᠋ᠪ ᠪᠠᠯᠭᠠᠰᠤ ᠨᠢ ᠲᠣᠭᠲᠠᠭᠰᠠᠨ ᠭᠠᠵᠠᠷ ᠲᠤ ᠬᠠᠩᠭᠠᠬᠤ + ᠲᠣᠭᠲᠠᠭᠰᠠᠨ ᠬᠤᠭᠤᠴᠠᠭ᠎ᠠ ᠲᠠᠢ ᠪᠠᠷ ᠬᠦᠷᠭᠡᠬᠦ ᠠᠷᠭ᠎ᠠ ᠬᠡᠯᠪᠡᠷᠢ ᠪᠠᠷ ᠨᠠᠷᠠᠰᠢᠬᠤ ᠠᠴᠠ ᠰᠡᠷᠭᠡᠶᠢᠯᠡᠬᠦ ᠲᠤᠬᠤᠨᠢᠭᠤᠯᠭ᠎ᠠ ᠶᠢᠨ ᠪᠤᠳᠠᠰ ᠢ ᠬᠦᠷᠭᠡᠬᠦ ᠠᠵᠢᠯᠯᠠᠭ᠎ᠠ ᠶᠢ ᠥᠷᠬᠦᠯᠵᠢᠯᠡᠨ ᠥᠷᠨᠢᠭᠦᠯᠵᠦ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ︾       ᠭᠡᠪᠡ᠃    ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶᠠᠨ ᠤ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ ᠶᠢᠨ ᠴᠠᠭᠳᠠᠭ᠎ᠠ ᠯᠢ ᠢ ᠪᠥᠸᠧ ᠄ ︽ᠪᠢ ᠡᠨᠡᠬᠦ ᠬᠠᠶᠢᠷ᠎ᠠ ᠬᠠᠯᠠᠮᠵᠢ ᠶᠢ ᠠᠵᠢᠯ ᠤᠨ ᠢᠶᠠᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠵᠡᠨ᠎ᠡ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠨᠡᠩ ᠰᠠᠶᠢᠨ ᠬᠠᠮᠠᠭᠠᠯᠠᠨ᠎ᠠ︾ ᠭᠡᠪᠡ᠃    ᠣᠷᠴᠢᠨ ᠳᠣᠭᠤᠷᠢᠨ ᠤ ᠠᠷᠢᠭᠤᠨ ᠴᠡᠪᠡᠷᠯᠡᠭᠴᠢ ᠯᠢᠦ ᠢᠤᠢ ᡁᠢ᠄ ︽ᠥᠨᠣᠳᠣᠷ ᠬᠤᠰᠢᠭᠤᠨ ᠤ ᠠᠵᠢᠯᠴᠢᠨ ᠤ ᠶᠡᠷᠣᠩᠭᠡᠢ ᠡᠪᠯᠠᠯ ᠠᠴᠠ ᠮᠠᠨ ᠤ ᠣᠷᠴᠢᠨ ᠳᠣᠭᠤᠷᠢᠨ ᠤ ᠠᠷᠢᠭᠤᠨ ᠴᠡᠪᠡᠷᠯᠡᠭᠴᠢ ᠳᠤ ᠬᠠᠶᠢᠷ᠎ᠠ ᠬᠠᠯᠠᠮᠵᠢ ᠬᠦᠷᠲᠡᠭᠡᠯ᠎ᠡ᠃ ᠥᠨᠡᠭᠡᠷ ᠪᠠᠶᠠᠷᠯᠡᠵᠦ ᠪᠠᠶᠢᠨ᠎ᠠ᠃ ᠬᠤᠶᠢᠰᠢᠳᠠ ᠪᠢᠳᠠᠨᠠᠷ ᠮᠥᠨᠬᠦ ᠥᠪᠡᠷ ᠤᠨ ᠳᠣᠬᠠᠶᠢᠯᠠᠭᠰᠠᠨ ᠠᠵᠢᠯ ᠢᠶᠠᠨ ᠨᠡᠩ ᠰᠠᠶᠢᠨ ᠬᠢᠵᠦ᠂ ᠡᠵᠡᠨ᠎ᠠ ᠬᠤᠰᠢᠭᠤ ᠪᠠᠨ ᠨᠡᠩ ᠥᠵᠡᠰᠭᠦᠯᠡᠩᠳᠣ ᠰᠠᠶᠢᠬᠠᠨ ᠪᠣᠯᠭᠠᠬᠤ ᠪᠠᠷ ᠥᠷᠭᠦᠯᠵᠢᠯᠠᠨ ᠴᠢᠷᠮᠠᠶᠢᠨ ᠠᠵᠢᠯᠯᠠᠨ᠎ᠠ︾ ᠭᠡᠪᠡ᠃
1.jpg
2.jpg
3.jpg
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号