ᠶᠠᠮᠠᠷᠪᠠ ᠨᠢᠭᠡ ᠵᠦᠢᠯ ᠤᠨ ᠪᠣᠷᠳᠣᠭᠤᠷ ᠨᠢ ᠴᠥᠮ ᠲᠠᠷᠢᠮᠠᠯ ᠤᠨ ᠦᠨᠳᠦᠰᠦᠨ ᠰᠢᠰᠲ᠋ᠧᠮ ᠳᠤ ᠮᠠᠭᠤ ᠨᠥᠯᠥᠭᠡ | ᠦᠵᠡᠭᠦᠯᠵᠦ ᠮᠡᠳᠡᠨ᠎ᠡ ᠭᠡᠵᠦ ᠬᠡᠯᠡᠵᠦ ᠪᠣᠯᠣᠨ᠎ᠠ᠂ ᠡᠨᠡ ᠨᠢ ᠭᠤᠣᠯᠳᠠᠭᠤ ᠬᠡᠳᠦᠢ ᠣᠷᠣᠭᠤᠯᠤᠭᠰᠠᠨ ᠭᠡᠮᠵᠢᠶ᠎ᠡ ᠠᠴᠠ | ᠦᠵᠡᠳᠡᠭ᠃ ᠶᠡᠭᠡ ᠬᠡᠮᠵᠢᠶᠡᠨ ᠤ ᠪᠣᠷᠳᠣᠭᠤᠷ ᠲᠠᠷᠢᠮᠠᠯ ᠤᠨ ᠦᠨᠳᠦᠰᠦᠨ ᠬᠡᠰᠡᠭ ᠲᠤ ᠲᠥᠪᠯᠡᠷᠡᠵᠦ᠂ | ᠪᠣᠷᠳᠣᠭᠤᠷ ᠲᠠᠢ ᠣᠶᠢᠷᠠᠲᠤᠭᠰᠠᠨ ᠦᠨᠳᠦᠰᠦᠨ ᠳᠤ ᠤᠰᠤ ᠳᠤᠲᠠᠭᠳᠠᠭᠤᠯᠳᠠᠭ ᠪᠣᠯᠬᠤᠷ ᠲᠠᠷᠢᠮᠠᠯ ᠤᠨ ᠦᠨᠳᠦᠰᠦ ᠶᠢᠨ | ᠰᠢᠰᠲ᠋ᠧᠮ ᠳᠤ ᠮᠠᠭᠤ ᠨᠥᠯᠥᠭᠡ ᠦᠵᠡᠭᠦᠯᠬᠦ ᠪᠣᠯᠣᠨ᠎ᠠ᠃ ᠰᠢᠭᠡᠰᠦᠯᠢᠭ ᠡᠳ᠋ ᠢ ᠬᠥᠷᠥᠰᠥᠨ ᠳᠤ ᠣᠷᠤᠭᠤᠯᠤᠭᠰᠠᠨ ᠤ | ᠳᠠᠷᠠᠭ᠎ᠠ ᠦᠨᠳᠦᠰᠦ ᠶᠢ ᠨᠢ ᠰᠢᠲᠠᠭᠠᠬᠤ ᠦᠵᠡᠭᠳᠡᠯ ᠭᠠᠷᠬᠤ ᠠᠴᠠ ᠵᠠᠶᠢᠯᠠᠰᠬᠢᠵᠦ᠂ ᠬᠥᠷᠥᠰᠥ ᠰᠢᠷᠣᠢ ᠨᠢ ᠭᠦᠢᠴᠡᠳ | ᠬᠡᠮᠵᠢᠶᠡᠨ ᠤ ᠤᠰᠤ ᠠᠭᠤᠯᠬᠤ ︵ᠶᠡᠷᠦ ᠳᠤ ᠪᠠᠨ 70%-80% ᠣᠷᠴᠢᠮ︶ ᠪᠠᠳᠤᠯᠠᠬᠤ ᠬᠡᠷᠡᠭᠲᠡᠢ᠂ ᠡᠰᠡ | ᠲᠡᠭᠡᠪᠡᠯ ᠰᠢᠭᠡᠰᠦᠯᠢᠭ ᠡᠳ᠋ ᠤᠨ ᠤᠰᠤ ᠵᠠᠳᠠᠷᠠᠬᠤ ᠬᠤᠷᠳᠤᠴᠠ ᠶᠢ ᠨᠥᠯᠥᠭᠡᠯᠡᠵᠦ᠂ ᠪᠣᠷᠳᠣᠭᠤᠷ ᠤᠨ ᠦᠢᠯᠡᠳᠦᠯ ᠢ | ᠪᠠᠳᠠᠷᠠᠭᠤᠯᠬᠤ ᠶᠢ ᠨᠥᠯᠥᠭᠡᠯᠡᠬᠦ ᠪᠣᠯᠣᠨ᠎ᠠ᠃ ᠬᠡᠷᠪᠡ ᠬᠥᠷᠥᠰᠥ ᠰᠢᠷᠣᠢ ᠨᠢ ᠨᠡᠯᠢᠶᠡᠳ ᠭᠠᠩ ᠬᠠᠭᠤᠷᠠᠢ ᠪᠠᠶᠢᠪᠠᠯ᠂ | ᠰᠢᠭᠡᠰᠦᠯᠢᠭ ᠡᠳ᠋ ᠣᠷᠣᠭᠤᠯᠤᠭᠰᠠᠨ ᠤ ᠳᠠᠷᠠᠭ᠎ᠠ ᠬᠥᠷᠥᠰᠥ ᠰᠢᠷᠣᠢ ᠶᠢ ᠵᠣᠬᠢᠰᠲᠠᠢ ᠤᠰᠤᠯᠠᠵᠤ᠂ ᠪᠣᠷᠳᠣᠭᠤᠷ ᠤᠨ | ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠰᠢᠭᠡᠰᠦᠯᠢᠭ ᠡᠳ᠋ ᠲᠠᠬᠢ ᠠᠽᠣᠲ ᠡᠳ᠋ ᠨᠢ ᠠᠮᠠᠷᠬᠠᠨ ᠠᠭᠤᠷᠰᠢᠨ ᠳᠡᠭᠳᠡᠬᠦ | ᠤᠴᠢᠷ ᠠᠴᠠ ᠰᠢᠭᠡᠰᠦᠯᠢᠭ ᠡᠳ᠋ ᠢ ᠬᠡᠷᠡᠭᠯᠡᠭᠰᠡᠨ ᠤ ᠳᠠᠷᠠᠭ᠎ᠠ ᠭᠤᠤ ᠮᠠᠯᠲᠠᠨ ᠰᠢᠷᠣᠢ ᠪᠦᠷᠬᠦᠪᠡᠯ ᠵᠤᠬᠢᠨ᠎ᠠ᠃ | ᠰᠢᠭᠡᠰᠦᠯᠢᠭ ᠡᠳ᠋ ᠨᠢ ᠵᠥᠪᠬᠡᠨ ᠠᠽᠣᠲ ᠡᠳ᠋ ︵ᠴᠡᠪᠡᠷ ᠠᠽᠣᠲ ᠠᠭᠤᠯᠤᠭᠳᠠᠵᠤ ᠪᠠᠶᠢᠭ᠎ᠠ ᠨᠢ ᠶᠡᠷᠦ ᠳᠤ ᠪᠠᠨ | 46%︶ ᠠᠭᠤᠯᠤᠭᠳᠠᠳᠠᠭ ᠪᠤᠯᠬᠤᠷ ᠹᠣᠰᠹᠣᠷ ᠬᠦᠴᠢᠯ ᠤᠨ ᠺᠠᠯᠼ᠂ ᠾᠯᠣᠷᠲᠤ ᠺᠠᠯᠢ ᠪᠤᠶᠤ ᠬᠦᠬᠦᠷ ᠬᠦᠴᠢᠯ ᠤᠨ | ᠺᠠᠯᠢ᠂ ᠡᠰᠡᠬᠦᠯ᠎ᠡ ᠢᠯᠵᠠᠷᠠᠨ ᠪᠣᠯᠪᠠᠰᠤᠷᠠᠭᠤᠯᠬᠤ ᠮᠠᠯ ᠵᠢᠭᠦᠷᠲᠡᠨ ᠤ ᠢᠯᠭᠠᠳᠠᠰᠤᠨ ᠪᠣᠷᠳᠣᠭᠤᠷ ᠲᠠᠢ ᠵᠣᠬᠢᠰᠲᠠᠢ | ᠬᠤᠯᠢᠯᠳᠠᠭᠤᠯᠤᠨ ᠬᠡᠷᠡᠭᠯᠡᠵᠦ ᠪᠣᠯᠳᠠᠭ᠃ ᠰᠢᠭᠡᠰᠦᠯᠢᠭ ᠡᠳ᠋ ᠢ ᠬᠠᠭᠤᠷᠠᠢ ᠪᠠᠷ ᠬᠡᠷᠡᠭᠯᠡᠪᠡᠯ ᠦᠨᠳᠦᠰᠦ ᠶᠢ ᠰᠢᠲᠠᠭᠠᠬᠤ | ᠠᠰᠠᠭᠤᠳᠠᠯ ᠳᠤ ᠴᠢᠭᠯᠡᠭᠦᠯᠦᠨ᠂ ᠲᠡᠭᠦᠨ ᠤ ᠠᠭᠤᠯᠵᠤ ᠪᠠᠶᠢᠭ᠎ᠠ ᠠᠽᠣᠲ ᠤᠨ ᠡᠯᠧᠮᠧᠨ᠋ᠲ ᠨᠢ ᠤᠷᠭᠤᠮᠠᠯ ᠤᠨ | ᠤᠰᠤ ᠶᠢ ᠠᠯᠳᠠᠭᠤᠯᠳᠠᠭ ᠪᠣᠯᠬᠤᠷ ᠬᠡᠷᠡᠭᠯᠡᠬᠦ ᠳᠡᠭᠡᠨ ᠤᠰᠤᠯᠠᠬᠤ ᠲᠠᠢ ᠤᠶᠠᠯᠳᠤᠭᠤᠯᠪᠠᠯ ᠬᠠᠮᠤᠭ ᠰᠠᠶᠢᠨ ᠪᠠᠶᠢᠵᠤ᠂ | ᠪᠠᠰᠠ ᠦᠨᠳᠦᠰᠦᠨ ᠠᠴᠠ ᠬᠤᠶᠠᠷ ᠭᠤᠷᠪᠠᠨ ᠢᠮᠠᠬᠤ ᠬᠤᠯᠠ ᠭᠠᠵᠠᠷ ᠲᠤ ᠪᠣᠷᠳᠣᠭᠤᠷ ᠤᠷᠤᠭᠤᠯᠬᠤ ᠬᠡᠷᠡᠭᠲᠡᠢ︔ | ᠬᠡᠷᠪᠡ ᠵᠠᠪᠠᠯ ᠬᠠᠭᠤᠷᠠᠢ ᠪᠠᠷ ᠣᠷᠤᠭᠤᠯᠬᠤ ᠴᠢᠬᠤᠯᠠᠳᠠᠢ ᠪᠤᠯ ᠬᠠᠮᠤᠭ ᠰᠠᠶᠢᠨ ᠨᠢ ᠦᠳᠡ ᠶᠢᠨ ᠬᠤᠶᠢᠨ᠎ᠠ ᠪᠣᠷᠳᠣᠭᠤᠷ | ᠣᠷᠣᠭᠤᠯᠬᠤ ᠶᠢ ᠰᠤᠩᠭᠤᠬᠤ ᠬᠡᠷᠡᠭᠲᠡᠢ᠂ ᠢᠩᠭᠢᠪᠡᠯ ᠰᠥᠨᠢ ᠶᠢᠨ ᠰᠢᠭᠦᠳᠡᠷᠢ ᠳᠤ ᠰᠢᠭᠡᠰᠦᠯᠢᠭ ᠡᠳ᠋ ᠠᠭᠤᠰᠴᠤ᠂ | ᠬᠥᠷᠥᠰᠥ ᠰᠢᠷᠣᠢ ᠳᠤ ᠰᠢᠩᠭᠡᠭᠳᠡᠳᠡᠭ᠃ |