ᠮᠠᠨ ᠤ ᠬᠤᠰᠢᠭᠤ 2024 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/12
    8 ᠰᠠᠷ᠎ᠠ ᠶᠢᠨ 8᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠ ᠲᠡᠯᠡᠶᠢᠬᠦᠪ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾᠎ ᠤᠨ ᠡᠬᠢᠯᠡᠯᠲᠡ ᠶᠢᠨ ᠶᠣᠰᠣᠯᠠᠯ ᠵᠢᠴᠢ ᠨᠡᠶᠢᠭᠡᠮ ᠲᠣᠭᠤᠷᠢᠭ ᠤᠨ ᠰᠣᠨᠢᠷᠬᠠᠯᠲᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠰᠣᠶᠣᠯ ᠪᠠᠶ᠎ᠡ ᠲᠠᠮᠢᠷ ᠤᠨ ᠲᠥᠪ ᠲᠤ ᠶᠠᠪᠤᠭᠳᠠᠵᠤ᠂ ᠬᠤᠰᠢᠭᠤᠨ ᠤ ᠳᠡᠳ᠋ ᠳᠠᠷᠤᠭ᠎ᠠ ᠶᠧ ᠢᠦᠢ ᠰᠢᠶᠠ ᠪᠠᠶᠠᠷ ᠤᠨ ᠦᠭᠡ ᠶᠠᠷᠢᠵᠦ ᠡᠬᠢᠯᠡᠯᠲᠡ ᠶᠢᠨ ᠶᠣᠰᠣᠯᠠᠯ ᠢ ᠵᠠᠷᠯᠠᠪᠠ᠃    ᠡᠨᠡ ᠵᠢᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠨᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠠᠢ ᠬᠠᠮᠲᠤ ᠪᠠᠷ ᠤᠷᠤᠭᠰᠢᠯᠠᠭᠤᠯᠤᠶ᠎ᠠ︾ ᠭᠡᠬᠦ ᠭᠤᠣᠯ ᠰᠡᠳᠦᠪ ᠢᠶᠠᠷ ᠫᠠᠷᠢᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠬᠤᠭᠤᠴᠠᠭᠠᠨ ᠳᠤ᠂ ᠡᠵᠡᠨ᠎ᠡ ᠬᠤᠰᠢᠭᠤᠨ ᠤ ᠬᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠪᠥᠬᠦ ᠬᠤᠰᠢᠭᠤᠨ ᠤ ᠡᠯ᠎ᠡ ᠡᠲᠡᠭᠡᠳ ᠤᠨ ᠬᠥᠮᠥᠰ ᠲᠤ ᠪᠡᠶ᠎ᠡ ᠶᠢᠨ ᠲᠠᠮᠢᠷ ᠤᠨ ᠷᠢᠳᠢ ᠰᠢᠳᠢ ᠶᠢ ᠮᠡᠳᠡᠷᠡᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠮᠵᠢ ᠪᠤᠤᠬᠢᠶ᠎ᠠ ᠦᠰᠦᠷᠬᠦ᠂ ᠣᠯᠠᠨ ᠬᠥᠮᠥᠨ ᠤ ᠬᠦᠯᠢᠬᠦ ᠤᠷᠤᠯᠳᠤᠭᠠᠨ᠂ ᠣᠯᠠᠨ ᠬᠥᠮᠥᠨ ᠤ ᠳᠡᠭᠡᠰᠦ ᠦᠰᠦᠷᠬᠦ᠂ ᠪᠤᠤᠯᠢᠩ ᠪᠥᠮᠪᠦᠭᠡ ᠵᠡᠷᠭᠡ ᠠᠷᠪᠠᠨ ᠬᠠᠮᠲᠤ ᠶᠢᠨ ᠤᠷᠤᠯᠳᠤᠭᠠᠨ ᠤ ᠵᠦᠢᠯ ᠢ ᠲᠣᠬᠢᠷᠠᠭᠤᠯᠵᠤ᠂ ᠡᠯ᠎ᠡ ᠠᠩᠭᠢ ᠶᠢᠨ ᠬᠢᠨ 8 ᠡᠷᠡᠭᠲᠡᠢ 8 ᠡᠮᠡᠭᠲᠡᠢ 16 ᠬᠥᠮᠥᠨ ᠢ ᠤᠷᠤᠯᠳᠤᠭᠠᠨ ᠳᠤ ᠣᠷᠣᠯᠴᠠᠭᠤᠯᠬᠤ ᠪᠠᠷ ᠱᠠᠭᠠᠷᠳᠠᠵᠤ᠂ ᠲᠠᠩ ᠤᠷᠤᠯᠳᠤᠭᠠᠨ ᠤ ᠵᠦᠢᠯ ᠪᠦᠷᠢ ᠶᠢᠨ ᠬᠢᠷᠢ ᠪᠦᠲᠦᠮᠵᠢ ᠶᠢ ᠦᠨᠳᠦᠰᠦᠯᠡᠨ 9᠂ 7᠂ 6᠂ 5᠂ 4᠂ 3᠂ 2᠂ 1᠎ ᠪᠠᠷ ᠬᠤᠪᠢ ᠣᠯᠭᠤᠵᠤ᠂ ᠡᠴᠦᠰ ᠤᠨ ᠡᠴᠦᠰ ᠲᠤ ᠬᠠᠮᠲᠤ ᠶᠢᠨ ᠶᠡᠷᠦᠩᠬᠡᠢ ᠬᠤᠪᠢ ᠳᠤ ᠨᠢᠭᠡᠳᠦᠭᠡᠷ ᠲᠤ 1᠂ ᠬᠤᠶᠠᠳᠤᠭᠠᠷ ᠲᠤ 2᠂ ᠭᠤᠷᠪᠠᠳᠤᠭᠠᠷ ᠲᠤ       3᠎ ᠶᠢ ᠱᠠᠩᠨᠠᠨ ᠬᠦᠬᠢᠭᠦᠯᠪᠡ᠃    ᠳ᠋ᠦᠩᠹᠧᠩ ᠪᠠᠯᠭᠠᠰᠤ ᠶᠢᠨ ᠠᠵᠢᠯᠲᠠᠨ ᠭᠡᠷᠡᠯᠴᠢᠯᠠᠭᠤ᠄ ︽ᠪᠢ ᠠᠩᠬ᠎ᠠ ᠤᠳᠠᠭ᠎ᠠ ᠪᠠᠨ ᠡᠨᠡ ᠲᠠᠮᠢᠷ ᠤᠨ ᠴᠤᠭᠯᠠᠭᠠᠨ ᠳᠤ ᠣᠷᠣᠯᠴᠠᠵᠤ ᠪᠠᠶᠢᠨ᠎ᠠ᠂ ᠠᠵᠢᠯ ᠤᠨ ᠴᠢᠯᠦᠭᠡ ᠪᠠᠷ ᠢᠶᠠᠨ ᠡᠶᠢᠮᠦ ᠬᠥᠳᠡᠯᠭᠡᠭᠡᠨ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠢ᠂ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠵᠤ ᠴᠢᠳᠠᠬᠤ ᠮᠥᠷᠲᠡᠭᠡᠨ ᠪᠠᠰᠠ ᠨᠢᠭᠡ ᠪᠦᠯᠦᠭ ᠨᠠᠶᠢᠵᠠ ᠨᠠᠷ ᠲᠠᠢ ᠲᠠᠨᠢᠯᠴᠠᠵᠤ ᠴᠢᠳᠠᠭᠰᠠᠨ᠂ ᠢᠯᠠᠩᠭᠤᠶ᠎ᠠ ᠮᠠᠨ ᠤ ᠬᠠᠮᠲᠤ ᠠᠵᠢᠯᠯᠠᠭᠰᠠᠳ ᠬᠤᠭᠤᠷᠣᠨᠳᠤ ᠪᠠᠨ ᠪᠦᠯᠬᠦᠮᠳᠡᠯ ᠢᠶᠠᠨ ᠠᠬᠢᠭᠤᠯᠵᠤ᠂ ᠬᠤᠵᠢᠮ ᠤᠨ ᠠᠵᠢᠯ ᠳᠠᠭᠠᠨ ᠨᠡᠩ ᠡᠶ᠎ᠡ ᠨᠠᠶᠢᠷᠲᠠᠢ ᠶᠠᠪᠤᠯᠴᠠᠬᠤ ᠎ ᠳᠤ ᠰᠠᠭᠤᠷᠢ ᠲᠠᠯᠪᠢᠭᠰᠠᠨ︾ ᠭᠡᠪᠡ᠃    ᠰᠤᠷᠪᠤᠯᠵᠢᠯᠠᠭᠴᠢ ᠤᠯᠠᠨ ᠬᠥᠮᠥᠨ ᠤ ᠬᠦᠯᠢᠬᠦ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠵᠢᠦᠢ ᠶᠠᠨ ᠨᠡᠶᠢᠭᠡᠮ ᠲᠣᠭᠤᠷᠢᠭ ᠤᠨ ᠤᠷᠤᠯᠳᠤᠭᠠᠨ ᠳᠤ ᠣᠷᠣᠯᠴᠠᠬᠤ ᠠᠩᠭᠢ ᠶᠢᠨ ᠨᠢᠭᠡ ᠭᠡᠰᠢᠭᠦᠨ ᠬᠡᠳᠦᠶᠢᠪᠡᠷ 65 ᠨᠠᠰᠤᠯᠠᠭᠰᠠᠨ ᠪᠣᠯᠪᠠᠴᠤ ᠲᠡᠷᠡ ᠮᠠᠨᠢ ᠪᠠᠶ᠎ᠡ ᠮᠠᠬᠠᠪᠤᠳ ᠨᠢ ᠡᠷᠡᠭᠦᠯ ᠲᠡᠩᠬᠡᠯᠡᠬᠦᠨ ᠵᠢᠪᠬᠤᠭᠠᠯᠢᠭ ᠰᠦᠷ ᠲᠠᠢ ᠵᠠᠯᠠᠭᠤᠴᠤᠳ ᠤᠨ ᠳᠤᠮᠳᠠ ᠵᠤᠭᠰᠤᠵᠤ ᠬᠠᠷᠠᠭᠳᠠᠨ᠎ᠠ᠂ ᠲᠡᠷᠡ ᠪᠣᠯ ᠰᠤᠪᠨᠠᠭᠤᠷ ᠰᠤᠮᠤ ᠶᠢᠨ ᠤᠯᠠᠭᠠᠨᠳᠤᠭ ᠭᠠᠴᠠᠭ᠎ᠠ ᠶᠢᠨ ᠼᠤᠤ ᠵᠢᠶᠠᠨ ᠱᠧᠩ ᠪᠣᠯᠣᠨ᠎ᠠ᠂ ᠠᠷᠪᠠ ᠭᠠᠷᠤᠢ ᠵᠢᠯ ᠤᠨ ᠲᠤᠷᠰᠢ᠂ ᠲᠡᠷᠡ ᠡᠨᠡᠬᠦ ᠪᠡᠶ᠎ᠡ ᠲᠠᠮᠢᠷ ᠤᠨ ᠠᠵᠢᠯᠯᠠᠭᠠᠨ ᠳᠤ ᠣᠷᠣᠯᠴᠠᠬᠤ ᠶᠢ ᠪᠠᠷᠢᠮᠲᠠᠯᠠᠵᠤ᠂ ᠥᠩᠭᠡᠷᠡᠭᠰᠡᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠠᠵᠢᠯᠯᠠᠭ᠎ᠠ ᠶᠢᠨ ᠪᠠᠭ᠋ᠠᠷᠬᠠᠭᠴᠢ ᠪᠣᠯᠤᠭᠰᠠᠨ ᠪᠠᠶᠢᠨ᠎ᠠ᠃    ᠰᠤᠪᠨᠠᠭᠤᠷ ᠰᠤᠮᠤ ᠶᠢᠨ ᠤᠯᠠᠭᠠᠨᠳᠤᠭ ᠭᠠᠴᠠᠭ᠎ᠠ ᠶᠢᠨ ᠲᠠᠷᠢᠶᠠᠴᠢᠨ ᠼᠤᠤ ᠵᠢᠶᠠᠨ ᠱᠧᠩ᠄ ︽ᠮᠠᠨ ᠤ ᠨᠠᠰᠤᠲᠠᠶᠢᠴᠤᠳ ᠲᠤ ᠠᠪᠴᠤ ᠬᠡᠯᠡᠪᠡᠯ ᠪᠠᠰᠠ ᠨᠢᠭᠡ ᠵᠦᠢᠯ ᠤᠨ ᠪᠣᠯᠪᠠᠰᠤᠷᠠᠯ᠂ ᠪᠢ ᠵᠠᠯᠠᠭᠤᠴᠤᠳ ᠤᠨ ᠳᠤᠮᠳᠠ ᠬᠡᠳᠦᠶᠢᠪᠡᠷ ᠨᠠᠰᠤ ᠪᠠᠷ ᠢᠶᠠᠨ ᠶᠡᠭᠡ ᠪᠠᠶᠢᠯ᠎ᠠ ᠴᠦ ᠡᠳᠡᠨᠡᠷ ᠲᠠᠢ ᠬᠠᠮᠲᠤ ᠨᠠᠭᠠᠳᠴᠦ ᠲᠤᠭᠯᠠᠭᠠᠳ ᠦᠪᠡᠷ ᠤᠨ ᠡᠷᠬᠡ ᠦᠭᠡᠢ ᠵᠠᠯᠠᠭᠤᠷᠠᠭᠰᠠᠨ ᠶᠤᠮ ᠰᠢᠭ ᠪᠤᠳᠤᠭᠳᠠᠵᠤ ᠪᠠᠶᠢᠨ᠎ᠠ︾ ᠭᠡᠪᠡ᠃    ᠲᠣᠰ ᠤᠳᠠᠭᠠᠨ ᠤ ᠠᠵᠢᠯᠯᠠᠭᠠᠨ ᠳᠤ ᠪᠥᠬᠦ ᠬᠤᠰᠢᠭᠤᠨ ᠤ ᠡᠯ᠎ᠡ ᠰᠢᠰᠲ᠋ᠧᠮ ᠤᠨ ᠨᠢᠭᠡᠴᠡ᠂ ᠨᠡᠶᠢᠭᠡᠮ ᠲᠣᠭᠤᠷᠢᠭ ᠤᠨ ᠲᠥᠯᠥᠭᠡᠯᠡᠭᠴᠢ ᠵᠢᠴᠢ ᠰᠠᠭᠤᠭᠠᠯᠢ ᠠᠷᠠᠳ ᠢᠶᠠᠷ ᠪᠦᠷᠢᠯᠳᠦᠭᠰᠡᠨ ᠨᠡᠶᠢᠲᠡ 17 ᠲᠥᠯᠥᠭᠡᠯᠡᠭᠴᠢᠳ ᠤᠨ ᠠᠩᠭᠢ ᠶᠢᠨ 300 ᠭᠠᠷᠤᠢ ᠲᠠᠮᠢᠷᠴᠢᠨ ᠣᠷᠣᠯᠴᠠᠵᠠᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号