8 ᠰᠠᠷ᠎ᠠ ᠶᠢᠨ 6 ᠠᠴᠠ 8 ᠤ ᠡᠳᠦᠷ ᠪᠣᠯᠲᠠᠯ᠎ᠠ᠂ ᠶᠠᠷᠢᠶᠠᠲᠤ ᠵᠦᠴᠦᠭᠡ ︽ᠬᠠᠶᠢᠷ᠎ᠠ ᠰᠢᠩᠭᠡᠭᠰᠡᠨ ᠴᠢᠯᠠᠭᠤ︾ | ᠶᠢᠨ ᠰᠤᠷᠪᠤᠯᠵᠢᠯᠠᠭ᠎ᠠ ᠶᠢᠨ ᠳᠤᠭᠤᠶᠢᠯᠠᠩ ᠤᠨ ᠬᠢᠨ ᠡᠵᠡᠨ᠎ᠡ ᠬᠤᠰᠢᠭᠤ ᠵᠢᠴᠢ ᠭᠤᠶᠢᠽᠠ ᠶᠢᠨ ᠴᠠᠭ ᠠᠭᠤᠷ ᠤᠨ | ᠦᠷᠳᠡᠭᠡ ᠵᠡᠷᠭᠡ ᠭᠠᠵᠠᠷ ᠲᠤ ᠬᠦᠷᠴᠦ ᠪᠣᠷᠣ ᠮᠠᠲ᠋ᠧᠷᠢᠶᠠᠯ ᠴᠤᠭᠯᠠᠭᠤᠯᠬᠤ ᠠᠵᠢᠯ ᠥᠷᠨᠢᠭᠦᠯᠵᠦ᠂ ᠶᠠᠷᠢᠶᠠᠲᠤ | ᠵᠦᠴᠦᠭᠡ ᠶᠢᠨ ᠳᠡᠯᠭᠡᠨ ᠦᠵᠡᠭᠦᠯᠬᠦ ᠬᠡᠯᠪᠡᠷᠢ ᠪᠣᠯᠣᠨ ᠨᠠᠷᠢᠨ ᠵᠦᠢᠯᠡᠰ ᠢ ᠴᠢᠨᠠᠭᠰᠢᠳᠠ ᠲᠡᠭᠦᠯᠳᠡᠷᠵᠢᠭᠦᠯᠪᠡ᠂ ᠡᠨᠡ ᠨᠢ | ᠤᠯᠤᠰ ᠤᠨ ᠳᠣᠲᠣᠭᠠᠳᠤ ᠶᠢᠨ ᠠᠩᠬᠠᠳᠠᠭᠴᠢ ᠦᠨᠳᠦᠰᠦᠨ ᠱᠠᠲᠤᠨ ᠤ ᠴᠠᠭ ᠠᠭᠤᠷ ᠤᠨ ᠠᠵᠢᠯᠲᠠᠳ ᠢ ᠮᠠᠭᠲᠠᠨ | ᠳᠠᠭᠤᠯᠠᠭᠰᠠᠨ ᠶᠠᠷᠢᠶᠠᠲᠤ ᠵᠦᠴᠦᠭᠡ ᠪᠣᠯᠬᠤ ᠶᠤᠮ᠃ | ᠰᠣᠷᠪᠤᠯᠵᠢᠯᠠᠭ᠎ᠠ ᠶᠢᠨ ᠳᠤᠭᠤᠶᠢᠯᠠᠩ ᠤᠨ ᠬᠢᠨ ᠡᠵᠡᠨ᠎ᠡ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ | ᠬᠦᠷᠴᠦ᠂ ᠭᠤᠶᠢᠽᠠ ᠶᠢᠨ ᠴᠠᠭ ᠠᠭᠤᠷ ᠤᠨ ᠦᠷᠳᠡᠭᠡ ᠳᠤ ᠠᠵᠢᠯᠯᠠᠵᠤ ᠥᠩᠭᠡᠷᠡᠭᠰᠡᠨ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠲᠠᠢ ᠶᠠᠷᠢᠯᠴᠠᠵᠤ᠂ ᠵᠦᠴᠦᠭᠡ ᠶᠢᠨ ᠳᠡᠪᠲᠡᠷ ᠤᠨ ᠨᠠᠷᠢᠨ ᠵᠦᠢᠯᠡᠰ ᠤᠨ ᠲᠤᠬᠠᠢ ᠭᠦᠨᠵᠡᠭᠡᠢ | ᠰᠣᠯᠢᠯᠴᠠᠪᠠ᠃ ᠪᠠᠰᠠ ᠭᠤᠶᠢᠽᠠ ᠶᠢᠨ ᠴᠠᠭ ᠠᠭᠤᠷ ᠤᠨ ᠦᠷᠳᠡᠭᠡ ᠳᠤ ᠬᠦᠷᠴᠦ᠂ ᠦᠨᠳᠦᠰᠦᠨ ᠱᠠᠲᠤᠨ ᠤ | ᠦᠷᠳᠡᠭᠡ ᠶᠢᠨ ᠪᠦᠲᠦᠭᠡᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠪᠣᠯᠣᠨ ᠠᠮᠢᠳᠤᠷᠠᠯ ᠤᠨ ᠨᠥᠬᠦᠴᠡᠯ᠂ | ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ | ᠣᠶᠢᠯᠠᠭᠠᠵᠤ᠂ ᠨᠠᠶᠢᠷᠠᠭᠤᠯᠤᠨ ᠵᠣᠬᠢᠶᠠᠬᠤ ᠣᠩᠭᠤᠳ ᠢᠶᠠᠨ ᠬᠤᠷᠴᠠᠯᠠᠪᠠ᠃ | ᠶᠠᠷᠢᠶᠠᠲᠤ ᠵᠦᠴᠦᠭᠡ ︽ᠬᠠᠶᠢᠷ᠎ᠠ ᠰᠢᠩᠭᠡᠭᠰᠡᠨ ᠴᠢᠯᠠᠭᠤ︾ ᠪᠣᠯ ᠣᠳᠣᠬᠠᠨ ᠤ ᠤᠯᠤᠰ ᠤᠨ ᠳᠣᠲᠣᠭᠠᠳᠤ ᠶᠢᠨ | ᠠᠩᠬᠠᠳᠠᠭᠴᠢ ᠭᠤᠶᠢᠽᠠ ᠶᠢᠨ ᠴᠠᠭ ᠠᠭᠤᠷ ᠤᠨ ᠥᠷᠲᠡᠭᠡ ᠪᠠᠷ ᠤᠭ ᠳᠦᠷᠢ ᠪᠣᠯᠭᠠᠨ ᠨᠠᠶᠢᠷᠠᠭᠤᠯᠵᠤ ᠵᠣᠬᠢᠶᠠᠭᠰᠠᠨ᠂ | ᠦᠶ᠎ᠡ ᠦᠶ᠎ᠡ ᠶᠢᠨ ᠴᠠᠭ ᠠᠭᠤᠷ ᠤᠨ ᠠᠵᠢᠯᠲᠠᠳ ᠦᠨᠳᠦᠰᠦᠨ ᠱᠠᠲᠤᠨ ᠳᠤ ᠦᠨᠳᠦᠰᠦᠯᠡᠵᠦ᠂ ᠭᠤᠶᠠᠴᠢ ᠦᠭᠡᠢ | ᠵᠢᠳᠬᠦᠨ᠂ ᠤᠯᠤᠰ ᠤᠨ ᠴᠠᠭ ᠠᠭᠤᠷ ᠤᠨ ᠦᠢᠯᠡᠰ ᠤᠨ ᠬᠥᠭᠵᠢᠯᠲᠡ᠂ ᠰᠠᠨᠰᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠢᠳᠡᠪᠬᠢ ᠬᠦᠴᠦᠨ ᠢ ᠤᠯᠠᠮᠵᠢᠯᠠᠭᠰᠠᠨ | ᠲᠠᠶᠢᠰᠠᠨ ᠤ ᠶᠠᠷᠢᠶᠠᠲᠤ ᠵᠦᠴᠦᠭᠡ ᠪᠣᠯᠣᠨ᠎ᠠ᠃ | ᠠᠳᠠᠯᠢ ᠬᠤᠭᠤᠴᠠᠭᠠᠨ ᠳᠤ᠄ ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠵᠦᠴᠦᠭᠡ | ᠨᠠᠶᠢᠷᠠᠭᠤᠯᠤᠭᠴᠢ ᠬᠤᠸ ᠰᠢᠦᠢ ᠷᠦᠩ᠄ ︽ᠵᠣᠬᠢᠶᠠᠨ ᠪᠦᠲᠦᠭᠡᠯᠭᠡ ᠶᠢᠨ ᠤᠭ ᠰᠠᠨᠠᠭ᠎ᠠ ᠨᠢ ᠲᠠᠶᠢᠰᠠᠨ ᠤ | ᠤᠷᠠᠯᠢᠭ ᠤᠨ ᠬᠡᠯᠪᠡᠷᠢ ᠪᠠᠷ᠂ ᠤᠯᠤᠰ ᠤᠨ ᠴᠠᠭ ᠠᠭᠤᠷ ᠤᠨ ᠦᠢᠯᠡᠰ ᠢ ᠬᠠᠷᠠᠭᠤᠯᠤᠨ᠂ ᠦᠶ᠎ᠡ ᠦᠶ᠎ᠡ ᠶᠢᠨ ᠴᠠᠭ | ᠠᠭᠤᠷ ᠤᠨ ᠬᠥᠮᠥᠰ ᠠᠳᠡ ᠶᠠᠭ ᠯᠠ ᠲᠣᠣᠷᠠᠢ ᠰᠢᠭ᠋ ᠢᠶᠠᠷ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ | ᠲᠦᠮᠡᠨ ᠤ ᠳᠤᠮᠳᠠ ᠦᠨᠳᠦᠰᠦᠯᠡᠵᠦ᠂ ᠥᠪᠡᠷ ᠤᠨ ᠵᠠᠯᠠᠭᠤ ᠨᠠᠰᠤ ᠪᠠᠨ ᠤᠯᠤᠰ ᠣᠷᠣᠨ ᠤ ᠪᠠᠨ ᠴᠠᠭ ᠠᠭᠤᠷ ᠤᠨ | ᠦᠢᠯᠡᠰ ᠪᠠ ᠰᠠᠨᠰᠠᠷ ᠤᠨ ᠠᠶᠠᠯᠠᠯ ᠤᠨ ᠦᠢᠯᠡᠰ ᠲᠤ ᠵᠣᠷᠢᠭᠤᠯᠤᠭᠰᠠᠨ ᠡᠶᠢᠮᠦ ᠨᠢᠭᠡᠨ ᠲᠠᠶᠢᠰᠠᠨ ᠤ ᠵᠦᠴᠦᠭᠡ ᠶᠢ | ᠲᠣᠭᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠡᠨᠡ ᠬᠦ ᠵᠣᠬᠢᠶᠠᠨ ᠪᠦᠲᠦᠭᠡᠬᠦ ᠴᠢᠭᠯᠡᠯ ᠢᠶᠠᠷ ᠮᠠᠨ ᠤ | ᠳᠡᠷᠭᠡᠳᠡᠬᠢ ᠪᠠᠭᠠᠲᠤᠷᠴᠤᠳ ᠢᠶᠠᠨ ᠮᠠᠭᠲᠠᠨ ᠳᠠᠭᠤᠯᠠᠭᠰᠠᠨ ᠶᠤᠮ︾ ᠭᠡᠪᠡ᠃ | ᠵᠦᠴᠦᠭᠡ ᠶᠢᠨ ᠵᠣᠬᠢᠶᠠᠯ ᠨᠢ ᠦᠨᠳᠦᠰᠦᠨ ᠳᠡᠭᠡᠨ ᠪᠦᠷᠢᠯᠳᠦᠵᠦ᠂ ᠵᠠᠯᠭᠠᠭᠠᠳ ᠰᠢ ᠠᠨ ᠤ ᠵᠢᠦᠢ ᠾᠧ ᠰᠣᠶᠣᠯ | ᠵᠠᠭᠤᠴᠢ ᠵᠢᠴᠢ ᠠᠯᠠᠱᠠ ᠠᠶᠢᠮᠠᠭ ᠤᠨ ᠤᠯᠠᠭᠠᠨᠮᠥ᠋ᠴᠢᠷ ᠠᠴᠠ ᠶᠠᠷᠢᠶᠠᠲᠤ ᠵᠦᠴᠦᠭᠡ ᠶᠢᠨ ᠨᠠᠶᠢᠷᠠᠭᠤᠯᠭ᠎ᠠ ᠶᠢᠨ | ᠱᠠᠲᠤᠨ ᠳᠤ ᠣᠷᠣᠬᠤ ᠪᠣᠯᠣᠨ᠎ᠠ᠂ ᠵᠢᠱᠢᠯᠲᠡ ᠪᠠᠷ ᠲᠣᠰ ᠶᠠᠷᠢᠶᠠᠲᠤ ᠵᠦᠴᠦᠭᠡ ᠶᠢ 12 ᠰᠠᠷ᠎ᠠ ᠳᠤ ᠠᠩᠬ᠎ᠠ | ᠲᠣᠭᠯᠠᠨ᠎ᠠ᠃ | ᠠᠯᠠᠱᠠ ᠠᠶᠢᠮᠠᠭ ᠤᠨ ᠤᠯᠠᠭᠠᠨᠮᠥ᠋ᠴᠢᠷ ᠤᠨ ᠳᠡᠳ᠋ ᠳᠠᠷᠤᠭ᠎ᠠ ᠶᠢᠨ ᠭᠡᠷᠡᠯ᠄ ︽ᠲᠤᠰ ᠤᠳᠠᠭᠠᠨ ᠤ | ᠴᠤᠭᠯᠠᠭᠤᠯᠤᠯᠲᠠ ᠪᠠᠷ ᠳᠠᠮᠵᠢᠭᠠᠳ᠂ ᠮᠠᠨ ᠤ ᠤᠯᠠᠭᠠᠨᠮᠥ᠋ᠴᠢᠷ ᠤᠨ ᠬᠢᠨ ᠳᠠᠷᠠᠭᠠᠴᠢ ᠶᠢᠨ ᠠᠯᠬᠤᠮ ᠳᠤ ᠡᠨᠡᠬᠦ | ᠶᠠᠷᠢᠶᠠᠲᠤ ᠵᠦᠴᠦᠭᠡ ︽ᠬᠠᠶᠢᠷ ᠰᠢᠩᠭᠡᠭᠰᠡᠨ ᠴᠢᠯᠠᠭᠤ︾ ᠪᠣᠯᠣᠨ ᠮᠠᠨ ᠤ ᠵᠦᠴᠦᠭᠡ ᠨᠠᠶᠢᠷᠠᠭᠤᠯᠤᠭᠴᠢ᠂ | ᠤᠳᠤᠷᠢᠳᠤᠭᠠᠴᠢ ᠶᠢᠨ ᠳᠤᠭᠤᠶᠢᠯᠠᠩ ᠤᠨ ᠬᠢᠨ ᠬᠠᠮᠲᠤ ᠪᠠᠷ ᠲᠡᠭᠦᠨ ᠢ ᠵᠣᠬᠢᠶᠠᠨ ᠲᠤᠭᠤᠷᠪᠢᠵᠤ ᠵᠠᠰᠠᠵᠤ | ᠲᠡᠭᠦᠯᠳᠡᠷᠵᠢᠭᠦᠯᠦᠭᠰᠡᠨ ᠤ ᠳᠠᠷᠠᠭ᠎ᠠ᠂ ᠪᠢᠳᠠ ᠮᠠᠨ ᠤ ᠲᠣᠭᠯᠠᠭᠴᠢᠳ ᠢᠶᠠᠨ ᠬᠠᠮᠤᠭ ᠤᠨ ᠰᠠᠶᠢᠨ ᠪᠠᠶᠢᠳᠠᠯ ᠢᠶᠠᠷ ᠡᠨᠡ | ᠬᠦ ᠵᠣᠬᠢᠶᠠᠨ ᠪᠦᠲᠦᠭᠡᠯᠭᠡ ᠳᠤ ᠣᠷᠣᠯᠴᠠᠬᠤ ᠶᠢ ᠱᠠᠭᠠᠷᠳᠠᠵᠤ᠂ ᠮᠠᠨ ᠤ ᠲᠠᠶᠢᠰᠠᠨ ᠤ ᠲᠣᠭᠯᠠᠯᠲᠠ ᠪᠠᠷ ᠢᠶᠠᠨ | ᠳᠠᠮᠵᠢᠭᠤᠯᠤᠨ ᠮᠠᠨ ᠤ ᠦᠨᠳᠦᠰᠦᠨ ᠱᠠᠲᠤᠨ ᠤ ᠴᠠᠭ ᠠᠭᠤᠷ ᠤᠨ ᠬᠥᠮᠥᠰ ᠤᠨ ᠬᠠᠷᠠᠮ ᠤᠶᠢᠭᠡᠢ ᠵᠣᠷᠢᠭᠤᠯᠬᠤ | ᠵᠣᠷᠢᠭ ᠰᠠᠨᠠᠭ᠎ᠠ ᠶᠢ ᠦᠵᠡᠭᠴᠢᠳ ᠲᠡᠭᠡᠨ ᠭᠦᠢᠴᠡᠳ ᠦᠵᠡᠭᠦᠯᠬᠦ ᠪᠠᠷ ᠴᠢᠷᠮᠠᠶᠢᠨ᠎ᠠ︾ ᠭᠡᠪᠡ᠃ | ᠮᠠᠢ ᠳ᠋ᠢ ᠭᠤᠸᠠᠩ ᠮᠠᠩ᠂ ᠤᠷᠠᠯᠢᠭ ᠤᠨ ᠶᠡᠷᠦᠩᠬᠡᠢ ᠬᠢᠨᠠᠭᠴᠢ᠂ ᠤᠳᠤᠷᠢᠳᠤᠭᠠᠴᠢ ᠸᠠᠩ ᠰᠢᠶᠣᠣ ᠱᠧᠩ—— | ᠠᠪᠢᠶ᠎ᠠ ᠲᠠᠭᠠᠷᠠᠭᠤᠯᠤᠨ᠎ᠠ ︵ ᠪᠢᠳᠡᠨ ᠤ ᠣᠳᠣ ᠶᠢᠨ ᠠᠩᠬ᠎ᠠ ᠠᠯᠬᠤᠮ ᠤᠨ ᠲᠥᠯᠥᠪᠯᠡᠭᠡ ᠪᠣᠯ 9 ᠰᠠᠷ᠎ᠠ ᠶᠢᠨ | 21 ᠤ ᠡᠳᠦᠷ ᠠᠴᠠ ᠡᠬᠢᠯᠡᠨ ᠨᠠᠶᠢᠳᠠᠪᠤᠷᠢᠵᠢᠭᠤᠯᠵᠤ᠂ ᠳᠤᠭᠤᠶᠢᠯᠠᠩ ᠪᠠᠶᠢᠭᠤᠯᠤᠭᠰᠠᠨ ᠤ ᠳᠠᠷᠠᠭ᠎ᠠ ᠵᠣᠬᠢᠶᠠᠨ | ᠪᠠᠶᠢᠭᠤᠯᠬᠤ ᠱᠠᠲᠤᠨ ᠳᠤ ᠣᠷᠣᠨ᠎ᠠ᠂ 11 ᠰᠠᠷ᠎ᠠ ᠶᠢᠨ 10 ᠤ ᠡᠳᠦᠷ ᠤᠨ ᠣᠷᠴᠢᠮ ᠢᠶᠠᠷ ᠪᠢᠳᠡ | ᠳᠣᠲᠣᠭᠠᠳᠤ ᠳᠠᠭᠠᠨ ᠬᠢᠨᠠᠯᠲᠠ ᠶᠢ ᠳᠠᠭᠤᠰᠬᠠᠭᠰᠠᠨ ᠤ ᠳᠠᠷᠠᠭ᠎ᠠ᠂ ᠣᠯᠠᠨ ᠢᠶᠠᠷ ᠢᠶᠠᠨ ᠰᠠᠨᠠᠯ ᠪᠣᠳᠣᠯ ᠢᠶᠠᠨ | ᠢᠯᠡᠳᠬᠡᠨ᠎ᠡ᠂ ᠳᠠᠷᠠᠭ᠎ᠠ ᠨᠢ ᠪᠢᠳᠡ ᠪᠠᠰᠠ ᠨᠢᠭᠡ ᠪᠦᠯᠦᠭ ᠳᠡᠭᠡᠭᠰᠢᠯᠡᠯᠲᠡ ᠪᠠ ᠴᠡᠭᠴᠡᠯᠡᠨ ᠥᠭᠡᠷᠡᠴᠢᠯᠡᠬᠦ ᠠᠵᠢᠯ | ᠬᠢᠨ᠎ᠡ᠂ 12 ᠰᠠᠷ᠎ᠠ ᠳᠤ ᠣᠯᠠᠨ ᠳᠤ ᠦᠵᠡᠭᠦᠯᠬᠦ ᠪᠠᠷ ᠵᠢᠱᠢᠵᠦ ᠪᠠᠶᠢᠨ᠎ᠠ᠃︶ | ᠲᠤᠰ ᠤᠳᠠᠭᠠᠨ ᠤ ᠪᠣᠷᠣ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠪᠠᠷ ᠳᠡᠮᠵᠢᠨ᠂ ᠦᠨᠳᠦᠰᠦᠨ ᠱᠠᠲᠤᠨ ᠤ | ᠴᠠᠭ ᠠᠭᠤᠷ ᠤᠨ ᠠᠵᠢᠯᠲᠠᠳ ᠤᠨ ᠳᠦᠷᠰᠦ ᠪᠠᠶᠢᠳᠠᠯ ᠪᠣᠯᠣᠨ ᠦᠨᠡᠨ ᠬᠥᠮᠥᠨ ᠦᠨᠡᠨ ᠤᠴᠢᠷ ᠢ ᠭᠦᠨᠵᠡᠭᠡᠢ | ᠣᠶᠢᠯᠠᠭᠠᠵᠤ᠂ ᠰᠤᠷᠪᠤᠯᠵᠢᠯᠠᠭ᠎ᠠ ᠶᠢᠨ ᠳᠤᠭᠤᠶᠢᠯᠠᠩ ᠤᠨ ᠬᠢᠨ ᠦᠨᠳᠦᠰᠦᠨ ᠱᠠᠲᠤᠨ ᠤ ᠴᠠᠭ ᠠᠭᠤᠷ ᠤᠨ | ᠠᠵᠢᠯᠲᠠᠳ ᠤᠨ ᠦᠢᠯᠡ ᠠᠵᠢᠯᠯᠠᠭ᠎ᠠ ᠨᠢ ᠬᠥᠮᠥᠰ ᠢ ᠶᠡᠬᠡᠳᠡ ᠳᠣᠭᠳᠣᠯᠤᠭᠤᠯᠵᠤ᠂ ᠤᠳᠬ᠎ᠠ ᠤᠷᠠᠯᠢᠭ ᠤᠨ | ᠠᠵᠢᠯᠲᠠᠳ ᠤᠨ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ ᠵᠦᠴᠦᠭᠡ ᠶᠢᠨ ᠳᠡᠪᠲᠡᠷ ᠢ ᠤᠯᠠᠮ ᠴᠢᠨᠠᠭᠰᠢᠳᠠ | ᠵᠠᠰᠠᠨ ᠲᠡᠭᠦᠯᠳᠡᠷᠵᠢᠭᠦᠯᠵᠦ᠂ ᠨᠠᠷᠢᠨ ᠨᠢᠮᠪᠠᠢ ᠨᠠᠶᠢᠷᠠᠭᠤᠯᠤᠨ᠂ ᠠᠮᠢᠵᠢᠷᠠᠯ ᠤᠨ ᠬᠦᠴᠦᠨ ᠲᠠᠢ᠂ ᠳᠠᠮᠵᠢᠭᠤᠯᠬᠤ | ᠬᠦᠴᠦᠨ ᠲᠠᠢ᠂ ᠨᠥᠯᠥᠭᠡᠯᠡᠬᠦ ᠬᠦᠴᠦᠨ ᠲᠠᠢ ᠰᠢᠯᠢᠳᠡᠭ ᠶᠠᠷᠢᠶᠠᠲᠤ ᠵᠦᠴᠦᠭᠡ ᠪᠣᠯᠣᠨ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠪᠦᠲᠦᠭᠡᠨ᠎ᠡ ᠭᠡᠵᠦ ᠢᠯᠡᠳᠬᠡᠵᠡᠢ᠃ | ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠵᠦᠴᠦᠭᠡ ᠨᠠᠶᠢᠷᠠᠭᠤᠯᠤᠭᠴᠢ ᠬᠤᠸ | ᠰᠢᠦᠢ ᠷᠦᠩ᠄ ︽ᠡᠨᠡ ᠵᠦᠴᠦᠭᠡ ᠶᠢ ᠵᠣᠬᠢᠶᠠᠨ ᠪᠦᠲᠦᠭᠡᠬᠦ ᠪᠠᠷ ᠤᠬᠠᠭᠠᠯᠠᠵᠤ ᠡᠬᠢᠯᠡᠭᠰᠡᠨ ᠠᠴᠠ ᠠᠪᠤᠭᠠᠳ ᠣᠳᠣ | ᠪᠣᠯᠲᠠᠯ᠎ᠠ ᠨᠢᠭᠡᠨᠲᠡ ᠠᠷᠪᠠᠨ ᠵᠢᠯ ᠪᠣᠯᠵᠤ ᠪᠠᠶᠢᠨ᠎ᠠ᠂ ᠡᠨᠡ ᠶᠠᠪᠤᠴᠠ ᠳᠤ᠂ ᠪᠢ ᠪᠠᠰᠠ ᠮᠠᠰᠢ ᠣᠯᠠᠨ ᠵᠦᠢᠯ ᠢ | ᠰᠤᠷᠪᠤᠯᠵᠢᠯᠠᠪᠠ᠂ ᠡᠨᠡ ᠵᠦᠴᠦᠭᠡ ᠳᠠᠬᠢ ᠤᠭ ᠳᠦᠷᠢ ᠨᠢ ᠪᠦᠷ ᠡᠬᠡᠯ ᠵᠢᠷ ᠤᠨ ᠬᠥᠮᠥᠰ᠂ ᠲᠡᠳᠡ ᠮᠠᠨᠢ ᠵᠠᠯᠠᠭᠤ | ᠨᠠᠰᠤ ᠪᠠᠨ ᠡᠬᠡ ᠤᠯᠤᠰ ᠤᠨ ᠢᠶᠠᠨ ᠪᠦᠲᠦᠭᠡᠨ ᠪᠠᠶᠢᠭᠤᠯᠤᠯᠲᠠ ᠳᠤ ᠵᠣᠷᠢᠭᠤᠯᠵᠤ ᠯᠤᠲᠤ ᠶᠡᠭᠡ ᠬᠤᠪᠢ ᠨᠡᠮᠡᠷᠢ | ᠦᠵᠡᠭᠦᠯᠦᠭᠰᠡᠨ ᠶᠤᠮ᠃ ᠡᠶᠢᠮᠦ ᠨᠢᠭᠡᠨ ᠰᠡᠳᠦᠪ ᠨᠢ ᠤᠳᠤ ᠪᠣᠯᠲᠠᠯ᠎ᠠ᠂ ᠤᠯᠤᠰ ᠤᠨ ᠳᠣᠲᠣᠭᠠᠳᠤ ᠶᠢᠨ ᠴᠤᠷ ᠤᠨ | ᠭᠠᠭᠴᠠ ᠪᠣᠯᠣᠨ᠎ᠠ᠂ ᠮᠥᠨᠴᠦ ᠲᠠᠶᠢᠰᠠᠨ ᠤ ᠵᠦᠴᠦᠭᠡ ᠶᠢᠨ ᠬᠡᠯᠪᠡᠷᠢ ᠪᠠᠷ ᠥᠪᠥᠷ ᠮᠣᠩᠭᠤᠯ ᠤᠨ ᠴᠠᠭ ᠠᠭᠤᠷ ᠤᠨ | ᠬᠥᠮᠥᠰ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠠᠩᠬᠠᠳᠠᠭᠴᠢ ᠨᠢ ᠪᠣᠯᠣᠨ᠎ᠠ᠂ ᠲᠡᠷᠡ ᠪᠣᠯ ᠳᠠᠷᠤᠢ ᠭᠤᠶᠠᠴᠢ | ᠦᠭᠡᠢ ᠵᠢᠳᠬᠦᠬᠦ ᠵᠣᠷᠢᠭ ᠰᠠᠨᠠᠭ᠎ᠠ ᠮᠥᠨ︾ ᠭᠡᠪᠡ᠃ | ᠭᠤᠶᠢᠽᠠ ᠶᠢᠨ ᠴᠠᠭ ᠠᠭᠤᠷ ᠤᠨ ᠥᠷᠲᠡᠭᠡ ᠶᠢ 1959 ᠣᠨ ᠳᠤ ᠡᠬᠢᠯᠡᠨ ᠪᠠᠶᠢᠭᠤᠯᠵᠤ᠂ ᠪᠠᠶᠢᠭᠠᠯᠢ ᠶᠢᠨ | ᠣᠷᠴᠢᠨ ᠲᠣᠭᠤᠷᠢᠨ ᠬᠠᠲᠠᠭᠤ ᠪᠡᠷᠬᠡ ᠪᠠᠶᠢᠳᠠᠭ᠃ ᠲᠡᠷᠡ ᠨᠢ ᠪᠠᠳᠠᠢ ᠶᠢᠨ ᠵᠢᠷᠠᠨ ᠤ ᠡᠯᠡᠰᠦᠨ ᠴᠥᠯ ᠤᠨ ᠬᠤᠶᠢᠲᠤ | ᠵᠠᠬ᠎ᠠ ᠳᠤ ᠪᠠᠶᠢᠷᠢᠯᠠᠵᠤ᠂ ᠤᠯᠤᠰ ᠤᠨ ᠠᠭᠤᠷ ᠠᠮᠢᠰᠬᠤᠯ ᠤᠨ ᠵᠠᠳᠠᠯᠤᠯᠲᠠ ᠪᠠ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢᠨ ᠱᠠᠭᠠᠷᠳᠠᠯᠭ᠎ᠠ ᠶᠢ ᠦᠨᠳᠦᠰᠦᠯᠡᠨ ᠪᠠᠶᠢᠭᠤᠯᠤᠭᠰᠠᠨ ᠤᠯᠤᠰ ᠤᠨ ᠪᠠᠷᠢᠮᠵᠢᠶᠠᠲᠤ ᠠᠭᠤᠷ ᠠᠮᠢᠰᠬᠤᠯ ᠤᠨ | ᠥᠷᠲᠡᠭᠡ ᠳᠤ ᠬᠠᠷᠢᠶᠠᠯᠠᠭᠳᠠᠨ᠎ᠠ᠃ ᠡᠭᠦᠨ ᠤ ᠬᠠᠮᠲᠤ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠨᠰᠠᠷ ᠤᠨ | ᠠᠶᠠᠯᠠᠯ ᠤᠨ ᠦᠢᠯᠡᠰ ᠲᠤ ᠴᠠᠭ ᠠᠭᠤᠷ ᠤᠨ ᠪᠠᠲᠤᠯᠠᠭ᠎ᠠ ᠬᠠᠩᠭᠠᠬᠤ ᠡᠭᠦᠷᠭᠡ ᠶᠢ ᠡᠭᠦᠷᠭᠡᠯᠡᠵᠦ ᠪᠤᠢ᠃ 65 ᠵᠢᠯ ᠤᠨ | ᠲᠤᠷᠰᠢ᠂ ᠪᠡᠷᠬᠡ ᠬᠠᠲᠠᠭᠤᠵᠢᠯᠲᠠᠢ ᠪᠠᠶᠢᠭᠠᠯᠢ ᠶᠢᠨ ᠣᠷᠴᠢᠨ ᠳᠤ᠂ ᠦᠶ᠎ᠡ ᠦᠶ᠎ᠡ ᠶᠢᠨ ᠭᠤᠶᠢᠽᠠ ᠶᠢᠨ ᠴᠠᠭ | ᠠᠭᠤᠷ ᠤᠨ ᠥᠷᠲᠡᠭᠡᠨ ᠤ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠠᠮ ᠦᠭᠡᠢ ᠵᠢᠳᠬᠦᠨ᠂ | ᠤᠯᠤᠰ ᠠᠴᠠ ᠲᠤᠰᠢᠶᠠᠭᠰᠠᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠪᠡ᠃ ᠭᠤᠶᠢᠽᠠ ᠶᠢᠨ ᠴᠠᠭ ᠠᠭᠤᠷ ᠤᠨ | ᠥᠷᠲᠡᠭᠡ ᠨᠢ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠲᠡᠷᠢᠭᠦᠨ ᠤ ᠬᠠᠮᠲᠤ ᠪᠠᠷ ᠵᠢᠱᠢᠭᠳᠡᠵᠦ᠂ 2011 | ᠣᠨ ᠳᠤ ᠳᠤᠮᠳᠠᠳᠤ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠠᠴᠠ ᠭᠤᠶᠢᠽᠠ ᠶᠢᠨ ᠴᠠᠭ ᠠᠭᠤᠷ ᠤᠨ | ᠥᠷᠲᠡᠭᠡᠨ ᠳᠤ ︽ᠵᠠᠯᠠᠭᠤ ᠠᠵᠢᠯᠴᠢᠨ ᠤ ᠬᠤᠰᠢᠭᠤᠴᠢ︾ ᠭᠡᠬᠦ ᠢᠷᠠᠭᠤ ᠠᠯᠳᠠᠷ ᠤᠨ ᠴᠣᠯᠠ ᠣᠯᠭᠤᠵᠤ᠂ 2012 | ᠣᠨ ᠳᠤ ︽ᠪᠦᠬᠦ ᠤᠯᠤᠰ ᠤᠨ ᠴᠠᠭ ᠠᠭᠤᠷ ᠤᠨ ᠰᠠᠯᠠᠭ᠎ᠠ ᠮᠥᠴᠢᠷ ᠤᠨ ᠪᠣᠯᠪᠠᠰᠤᠨ ᠥᠷᠲᠡᠭᠡᠨ ᠤ ᠵᠢᠱᠢᠶᠡᠴᠢ︾ | ᠪᠠᠷ ᠦᠨᠡᠯᠡᠭᠳᠡᠵᠡᠢ᠃ | |