ᠯᠢᠨ ᠬᠠ ᠲᠠᠮᠤᠷ ᠵᠠᠮ ᠤᠨ ᠯᠢᠨ ᠾᠧ ᠠᠴᠠ ᠡᠵᠡᠨ᠎ᠡ ᠬᠤᠰᠢᠭᠤ ᠬᠦᠷᠬᠦ ᠬᠡᠰᠡᠭ ᠤᠨ ᠴᠢᠳᠠᠪᠬᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠡᠨ ᠬᠢᠨᠠᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠴᠣᠬᠤᠯᠠᠪᠤᠷᠢ ᠶᠢ ᠣᠯᠪᠠ
ᠨᠡᠶᠢᠲᠡᠯᠡᠭᠰᠡᠨ ᠴᠠᠭ᠄
2024/8/12
    ᠰᠤᠷᠪᠤᠯᠵᠢᠯᠠᠭᠴᠢ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ       ᠣᠶᠢᠯᠠᠭᠠᠭᠰᠠᠨ ᠢᠶᠠᠷ᠂ ᠣᠶᠢᠷ᠎ᠠ ᠳᠤ᠂ ᠯᠢᠨ ᠾᠧ ᠠᠴᠠ ᠡᠵᠡᠨ᠎ᠡ ᠬᠤᠰᠢᠭᠤ ᠬᠦᠷᠬᠦ ᠬᠡᠰᠡᠭ ᠤᠨ ᠴᠢᠳᠠᠪᠬᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠡᠨ ᠬᠢᠨᠠᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠴᠣᠬᠤᠯᠠᠪᠤᠷᠢ ᠶᠢ ᠣᠯᠵᠤ᠂ ᠴᠣᠬᠤᠯᠠᠪᠤᠷᠢᠯᠠᠨ ᠬᠠᠷᠢᠭᠤᠯᠤᠭᠰᠠᠨ ᠬᠡᠷᠡᠭᠯᠡᠬᠦ ᠭᠠᠵᠠᠷ ᠤᠨ ᠬᠡᠪᠴᠢᠶ᠎ᠡ 1457.10 ᠾᠧᠺᠲ᠋ᠠᠷ ᠬᠦᠷᠴᠡᠢ᠃    ᠯᠢᠨ ᠾᠧ ᠠᠴᠠ ᠡᠵᠡᠨ᠎ᠡ ᠬᠤᠰᠢᠭᠤ ᠬᠦᠷᠬᠦ ᠬᠡᠰᠡᠭ ᠤᠨ ᠴᠢᠳᠠᠪᠬᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠪᠣᠯ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠦᠷᠦ ᠲᠠᠷᠬᠠᠭᠠᠭᠰᠠᠨ〔2023〕16 ᠳ᠋ᠤᠭᠠᠷ ᠲᠣᠭᠠᠲᠤ︶᠎ ᠳᠤ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠡᠮᠵᠢᠬᠦ ᠶᠢ ᠲᠤᠳᠤᠷᠬᠠᠢ ᠲᠤᠭᠳᠠᠭᠠᠪᠠ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ᠂ ᠰᠢᠨᠵᠢᠶᠠᠩ ᠤᠨ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠵᠥᠪᠰᠢᠶᠡᠷᠡᠯ ᠣᠯᠣᠭᠰᠠᠨ ᠶᠠᠪᠤᠳᠠᠯ ᠨᠢ ᠯᠢᠨ ᠾᠧ ᠠᠴᠠ ᠡᠵᠡᠨ᠎ᠡ ᠬᠤᠰᠢᠭᠤ ᠬᠦᠷᠬᠦ ᠬᠡᠰᠡᠭ ᠤᠨ  ᠴᠢᠳᠠᠪᠬᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠲᠣᠭᠲᠠᠭᠠᠬᠤ ᠪᠠ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠳᠤ ᠰᠠᠭᠤᠷᠢ ᠬᠦᠴᠦᠨ ᠵᠦᠢᠯ ᠤᠨ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号