ᠰᠢ ᠶᠢᠨ ᠫᠢᠩ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠠᠶᠢᠬᠠᠮᠰᠢᠭᠲᠤ ᠡᠷᠳᠡᠨᠢ ᠪᠠ ᠪᠠᠶᠢᠭᠠᠯᠢ ᠶᠢᠨ ᠬᠤᠪᠣᠷ ᠡᠷᠳᠡᠨᠢ ᠶᠢ ᠰᠠᠶᠢᠲᠤᠷ ᠰᠠᠬᠢᠨ ᠬᠠᠮᠠᠭᠠᠯᠠᠵᠤ ᠰᠣᠶᠣᠯ ᠤᠨ ᠪᠠ ᠪᠠᠶᠢᠭᠠᠯᠢ ᠶᠢᠨ ᠥᠪ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ ᠰᠢᠨ᠎ᠡ ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/8/12
    ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 6᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠥᠭᠴᠦ᠂ ︽ᠪᠡᠭᠡᠵᠢᠩ ᠤᠨ ᠳᠤᠮᠳᠠ ᠲᠡᠩᠭᠡᠯᠢᠭ ᠱᠤᠭᠤᠮ – ᠳᠤᠮᠳᠠᠳᠤ ᠤᠯᠤᠰ ᠤᠨ ᠬᠦᠰᠡᠯᠡᠩᠲᠦ ᠬᠤᠲᠠ ᠶᠢᠨ ᠡᠮᠬᠢ ᠵᠢᠷᠤᠮ ᠤᠨ ᠰᠣᠳᠣᠨ ᠪᠦᠲᠦᠭᠡᠯ︾ ᠪᠠ              ︽ᠪᠠᠳᠠᠢ ᠶᠢᠨ ᠵᠢᠷᠠᠨ ᠤ ᠡᠯᠡᠰᠦ – ᠡᠯᠡᠰᠦ ᠠᠭᠤᠯᠠ ᠨᠠᠭᠤᠷ ᠪᠦᠷᠢᠳᠦ ᠶᠢᠨ ᠪᠦᠯᠦᠭᠵᠢᠯ︾᠂ ︽ᠳᠤᠮᠳᠠᠳᠤ ᠤᠯᠤᠰ ᠤᠨ ᠰᠢᠷ᠎ᠠ ︵ᠪᠦᠧᠧᠬᠠᠢ︶ ᠲᠠᠩᠭᠢᠰ ᠤᠨ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ       ︵ᠬᠤᠶᠠᠳᠤᠭᠠᠷ ᠬᠤᠭᠤᠴᠠᠭ᠎ᠠ︶︾᠎ ᠢ ︽ᠳᠡᠯᠡᠬᠡᠢ ᠶᠢᠨ ᠥᠪ ᠤᠨ ᠨᠡᠷᠡᠰ︾᠎ ᠲᠤ ᠠᠮᠵᠢᠯᠲᠠ ᠲᠠᠢ ᠪᠦᠷᠢᠳᠬᠡᠭᠦᠯᠦᠭᠰᠡᠨ ᠨᠢ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠬᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠠᠶᠢᠭᠤᠯᠬᠤ ᠳᠤ ᠢᠳᠡᠪᠬᠢᠲᠡᠢ ᠠᠴᠢ ᠬᠤᠯᠪᠣᠭᠳᠠᠯ ᠲᠠᠢ ᠪᠠᠶᠢᠵᠤ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠳᠤ ᠭᠤᠶᠢᠳᠠ ᠰᠠᠶᠢᠬᠠᠨ ᠥᠩᠭᠡ ᠪᠤᠳᠤᠭ ᠨᠡᠮᠡᠷᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠡᠨᠡ ᠤᠳᠠᠭ᠎ᠠ ᠶᠢᠨ ᠰᠣᠶᠣᠯ ᠤᠨ ᠥᠪ ᠢᠶᠠᠷ ᠡᠷᠡᠮᠡᠯᠵᠡᠵᠦ ᠠᠮᠵᠢᠯᠲᠠ ᠣᠯᠣᠭᠰᠠᠨ ᠶᠠᠪᠤᠳᠠᠯ ᠢᠶᠠᠷ ᠠᠵᠠ ᠲᠣᠭᠢᠶᠠᠯ ᠪᠤᠯᠭᠠᠵᠤ᠂ ᠰᠣᠶᠣᠯ ᠤᠨ ᠪᠠ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ ᠤᠨ ᠥᠪ ᠢ ᠬᠠᠮᠠᠭᠠᠯᠠᠬᠤ ᠴᠢᠳᠠᠪᠤᠷᠢ ᠪᠣᠯᠣᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠠᠶᠢᠬᠠᠮᠰᠢᠭᠲᠤ ᠡᠷᠳᠡᠨᠢ ᠪᠣᠯᠣᠨ ᠪᠠᠶᠢᠭᠠᠯᠢ ᠶᠢᠨ ᠬᠤᠪᠣᠷ ᠡᠷᠳᠡᠨᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠨ ᠵᠠᠯᠭᠠᠮᠵᠢᠯᠠᠬᠤ᠂ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠭᠦᠨ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ᠂ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ ᠥᠪ ᠤᠨ ᠬᠦᠷᠢᠶᠡᠨ ᠳᠠᠬᠢ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠬᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠲᠦᠷᠦᠭᠦᠬᠡᠨ ᠡᠨᠡᠳᠬᠡᠭ ᠤᠨ ᠰᠢᠨ᠎ᠡ ᠳ᠋ᠧᠯᠢ ᠳᠤ ᠶᠠᠪᠤᠭᠳᠠᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ 46 ᠳ᠋ᠤᠭᠠᠷ ᠬᠤᠭᠤᠴᠠᠭᠠᠨ ᠤ ᠳᠡᠯᠡᠬᠡᠢ ᠶᠢᠨ ᠥᠪ ᠤᠨ ᠶᠡᠭᠡ ᠬᠤᠷᠠᠯ ᠠᠴᠠ ᠰᠢᠢᠳᠪᠦᠷᠢ ᠪᠠᠲᠤᠯᠠᠵᠤ᠂ ᠮᠠᠨ ᠤ ᠤᠯᠤᠰ ᠤᠨ ᠳᠡᠯᠡᠬᠡᠢ ᠶᠢᠨ ᠰᠣᠶᠣᠯ ᠤᠨ ᠥᠪ ᠢᠶᠠᠷ ᠨᠡᠷ᠎ᠡ ᠳᠤᠷᠠᠳᠤᠭᠳᠠᠭᠰᠠᠨ ᠲᠦᠷᠦᠯ ᠵᠦᠢᠯ ︽ᠪᠡᠭᠡᠵᠢᠩ ᠤᠨ ᠳᠤᠮᠳᠠ ᠲᠡᠩᠭᠡᠯᠢᠭ ᠱᠤᠭᠤᠮ – ᠳᠤᠮᠳᠠᠳᠤ ᠤᠯᠤᠰ ᠤᠨ ᠬᠦᠰᠡᠯᠡᠩᠲᠦ ᠬᠤᠲᠠ ᠶᠢᠨ ᠡᠮᠬᠢ ᠵᠢᠷᠤᠮ ᠤᠨ ᠰᠣᠳᠣᠨ       ᠪᠦᠲᠦᠭᠡᠯ︾ ᠪᠠ ᠳᠡᠯᠡᠬᠡᠢ ᠶᠢᠨ ᠪᠠᠶᠢᠭᠠᠯᠢ ᠶᠢᠨ ᠥᠪ ᠢᠶᠠᠷ ᠨᠡᠷ᠎ᠡ ᠳᠤᠷᠠᠳᠤᠭᠳᠠᠭᠰᠠᠨ ᠲᠦᠷᠦᠯ ᠵᠦᠢᠯ ︽ᠪᠠᠳᠠᠢ ᠶᠢᠨ ᠵᠢᠷᠠᠨ ᠤ ᠡᠯᠡᠰᠦ – ᠡᠯᠡᠰᠦ ᠴᠣᠬᠢᠶ᠎ᠠ ᠨᠠᠭᠤᠷ ᠪᠦᠷᠢᠳᠦ ᠶᠢᠨ ᠰᠦᠷᠦᠭᠵᠢᠯ︾᠂ ︽ᠳᠤᠮᠳᠠᠳᠤ ᠤᠯᠤᠰ ᠤᠨ ᠰᠢᠷ᠎ᠠ       ︵ᠪᠦᠧᠧᠬᠠᠢ︶ ᠲᠠᠩᠭᠢᠰ ᠤᠨ ᠨᠡᠭᠦᠳᠡᠯ ᠤᠨ ᠰᠢᠪᠠᠭᠤᠨ ᠤ ᠣᠷᠣᠰᠢᠨ ᠠᠮᠢᠳᠤᠷᠠᠬᠤ ᠭᠠᠵᠠᠷ ︵ᠬᠤᠶᠠᠳᠤᠭᠠᠷ ᠬᠤᠭᠤᠴᠠᠭ᠎ᠠ︶︾᠎ ᠢ ︽ᠳᠡᠯᠡᠬᠡᠢ ᠶᠢᠨ ᠥᠪ ᠤᠨ ᠨᠡᠷᠡᠰ︾᠎ ᠲᠤ ᠵᠢᠭᠰᠠᠭᠠᠨ ᠣᠷᠣᠭᠤᠯᠪᠠ᠃ ᠢᠩᠭᠢᠭᠡᠳ ᠮᠠᠨ ᠤ ᠤᠯᠤᠰ ᠤᠨ ᠳᠡᠯᠡᠬᠡᠢ ᠶᠢᠨ ᠥᠪ ᠤᠨ ᠶᠡᠷᠦᠩᠬᠡᠢ ᠲᠤᠭ᠎ᠠ 59 ᠪᠣᠯᠵᠤ᠂ ᠳᠡᠯᠡᠬᠡᠢ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号