ᠡᠵᠡᠨ᠎ᠡ ᠬᠤᠰᠢᠭᠤᠨ ᠤ ᠵᠠᠮ ᠳᠠᠭᠠᠤ ᠶᠢᠨ ᠦᠢᠯᠡᠴᠢᠯᠡᠭᠡᠨ ᠤ ᠲᠣᠭᠤᠷᠢᠭ ᠤᠨ ᠬᠢᠨ ︽ᠰᠢᠨ᠎ᠡ ᠪᠠᠷ ᠪᠡᠶᠡᠴᠢᠯᠡᠨ ᠤᠶᠢᠯᠠᠭᠠᠬᠤ︾ ᠪᠠᠷ ᠡᠯ᠎ᠠ ᠭᠠᠵᠠᠷ ᠠᠴᠠ ᠬᠦᠷᠦᠯᠴᠡᠨ ᠢᠷᠡᠭᠰᠡᠨ ᠵᠣᠴᠢᠳ ᠢ ᠤᠭᠲᠤᠵᠤ ᠪᠠᠶᠢᠨ᠎ᠠ
ᠨᠡᠶᠢᠲᠡᠯᠡᠭᠰᠡᠨ ᠴᠠᠭ᠄
2024/8/12
    G7 ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠨᠢ ᠪᠡᠭᠡᠵᠢᠩ ᠠᠴᠠ ᠪᠠᠷᠠᠭᠤᠨᠰᠢ᠂ ᠬᠥᠭᠵᠢᠶᠡᠨ ᠨᠠᠷᠭᠢᠶᠠᠨ ᠲᠠᠢ ᠬᠤᠲᠠ ᠪᠠᠯᠭᠠᠰᠤ᠂ ᠭᠤᠪᠢ ᠬᠠᠩᠭᠠᠢ ᠭᠠᠵᠠᠷ ᠤᠳ ᠢ ᠦᠩᠭᠡᠷᠡᠭᠡᠳ ᠡᠵᠡᠨ᠎ᠡ ᠬᠤᠰᠢᠭᠤᠨ ᠤ ᠬᠢᠯᠢ ᠳᠤ ᠣᠷᠣᠬᠤ ᠦᠶ᠎ᠡ ᠳᠤ ᠵᠠᠮ ᠳᠠᠭᠠᠤ ᠶᠢᠨ ᠰᠦᠷᠯᠢᠭ ᠰᠠᠶᠢᠬᠠᠨ ᠥᠩᠭᠡ ᠦᠵᠡᠮᠵᠢ ᠵᠤᠭᠠᠴᠠᠭᠰᠠᠳ ᠤᠨ ᠬᠠᠷᠠᠭ᠎ᠠ ᠶᠢ ᠪᠠᠶᠠᠰᠬᠠᠨ᠎ᠠ᠃ ᠢᠯᠠᠩᠭᠤᠶ᠎ᠠ ᠬᠤᠰᠢᠭᠤᠨ ᠤ ᠬᠢᠯᠢ ᠳᠣᠲᠣᠷᠠᠬᠢ ᠦᠢᠯᠡᠴᠢᠯᠡᠭᠡᠨ ᠤ ᠲᠣᠭᠤᠷᠢᠭ ᠤᠨ ᠰᠢᠨ᠎ᠡ ᠲᠦᠷᠦᠯ ᠵᠦᠢᠯ ᠨᠢ ᠵᠣᠨ ᠤ ᠠᠮᠠᠷᠠᠯᠲᠠ ᠶᠢᠨ ᠵᠢᠭᠤᠯᠴᠢᠯᠠᠯ ᠤᠨ ᠬᠠᠯᠠᠭᠤᠨ ᠥᠷᠨᠢᠯᠲᠡ ᠶᠢᠨ ᠳᠤᠮᠳᠠ ᠵᠢᠭᠤᠯᠴᠢᠯᠠᠭᠴᠢᠳ ᠲᠤ ᠣᠨᠴᠠᠭᠠᠶ ᠲᠥᠷᠥᠭᠳᠡᠯ ᠥᠭᠭᠦᠨ᠎ᠡ᠃   ᠲᠦᠷᠭᠡᠨ ᠤ ᠵᠠᠮ ᠤᠨ ᠦᠢᠯᠡᠴᠢᠯᠡᠭᠡᠨ ᠤ ᠲᠣᠭᠤᠷᠢᠭ ᠪᠣᠯ ᠣᠯᠠᠨ ᠲᠦᠮᠡᠨ ᠳᠤ ᠦᠢᠯᠡᠴᠢᠯᠡᠬᠦ ᠴᠢᠬᠤᠯᠠ ᠴᠤᠩᠬᠤᠪᠴᠢ ᠪᠤᠯᠤᠨ᠎ᠠ᠂ ᠰᠤᠷᠪᠤᠯᠵᠢᠯᠠᠭᠴᠢ ᠴᠡᠴᠡᠭ ᠤᠨ ᠬᠦᠷᠢᠶᠡᠯᠡᠩ᠂ ᠢᠳᠡᠰᠢᠨ ᠨᠣᠭᠤᠭᠠᠨ ᠤ ᠵᠢᠵᠢᠭ ᠬᠦᠷᠢᠶᠡᠯᠡᠩ᠂ ᠬᠤᠯᠤᠰᠤᠨ ᠬᠡᠷᠡᠰᠬᠡ᠂ ᠨᠣᠭᠤᠭᠠᠷᠠᠭᠤᠯᠤᠯᠲᠠ ᠶᠢᠨ ᠪᠦᠰᠡ ᠵᠢᠴᠢ ᠶᠡᠭᠡ ᠲᠢᠩᠬᠢᠮ ᠳᠤ ᠪᠠᠶᠢᠷᠢᠯᠠᠭᠤᠯᠤᠭᠰᠠᠨ ᠪᠡᠶ᠎ᠡ ᠨᠤᠬᠤᠯᠠᠭ᠎ᠠ ᠶᠢᠨ ᠰᠠᠨᠳᠠᠯᠢ᠂ ᠬᠡᠦᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ᠂ ᠰᠤᠯᠠ ᠰᠡᠯᠡᠭᠦᠦ ᠲᠣᠭᠤᠷᠢᠭ᠂ ᠰᠣᠶᠣᠯ ᠤᠨ ᠣᠷᠳᠣ ᠬᠤᠩᠭᠢᠯ ᠵᠡᠷᠭᠡ ᠭᠠᠵᠠᠷ ᠣᠷᠣᠨ ᠳᠤ ᠦᠢᠯᠡᠴᠢᠯᠡᠭᠡᠨ ᠤ ᠲᠣᠭᠤᠷᠢᠭ ᠤᠨ ᠴᠢᠮᠡᠭᠯᠡᠯ ᠢ ᠣᠨᠴᠠᠭᠠᠶ ᠰᠠᠶᠢᠬᠠᠨ ᠪᠣᠯᠭᠠᠭᠰᠠᠨ ᠢ ᠣᠯᠵᠤ ᠬᠠᠷᠠᠭᠠᠳ᠂ ᠵᠤᠭᠠᠴᠠᠭᠰᠠᠳ ᠠᠮᠠᠷᠠᠬᠤ ᠶᠢᠨ ᠬᠠᠮᠲᠤ ᠣᠯᠠᠨ ᠵᠦᠢᠯ ᠤᠨ ᠰᠣᠶᠣᠯ ᠤᠨ ᠠᠭᠤᠷ ᠠᠮᠢᠰᠬᠤᠯ ᠢ ᠮᠡᠳᠡᠷᠡᠭᠦᠯᠪᠡ᠃   ᠱᠢ ᠰᠢᠶᠣᠣ ᠹᠠᠨ ᠨᠢᠭᠡ ᠭᠡᠷ ᠢᠶᠠᠷ ᠢᠶᠠᠨ ᠱᠠᠨᠳᠦ᠋ᠩ ᠤᠨ ᠯᠢᠨ ᠢ ᠠᠴᠠ ᠰᠢᠨᠵᠢᠶᠠᠩ ᠳᠤ ᠵᠤᠭᠠᠴᠠᠬᠤ ᠪᠠᠷ ᠲᠡᠷᠭᠡ  ᠪᠠᠨ ᠵᠢᠯᠤᠭᠤᠳᠤᠨ ᠬᠤᠶᠠᠷ ᠮᠢᠩᠭ᠎ᠠ ᠭᠠᠷᠤᠢ ᠺᠢᠯᠣᠮᠧᠲᠷ ᠶᠠᠪᠤᠭᠠᠳ ᠡᠵᠡᠨ᠎ᠡ ᠬᠤᠰᠢᠭᠤᠨ ᠤ ᠦᠢᠯᠡᠴᠢᠯᠡᠭᠡᠨ ᠤ ᠲᠣᠭᠤᠷᠢᠭ ᠲᠤ ᠢᠷᠡᠭᠰᠡᠨ ᠪᠠᠶᠢᠨ᠎ᠠ᠃ ᠲᠡᠷᠡ ᠭᠡᠷ ᠤᠨ ᠬᠥᠮᠥᠰ ᠲᠠᠢ ᠪᠠᠨ ᠬᠠᠮᠲᠤ ᠲᠡᠮᠡᠭᠡᠨ ᠬᠢᠷᠭᠤᠤᠯ ᠲᠡᠵᠢᠭᠡᠵᠦ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠣᠭᠤᠷᠢᠭ ᠲᠤ ᠪᠡᠶ᠎ᠡ ᠶᠢᠨ ᠴᠢᠯᠠᠭ᠎ᠠ ᠪᠠᠨ ᠲᠠᠶᠢᠯᠠᠵᠤ᠂ ᠠᠶᠠᠨ ᠵᠠᠮ ᠤᠨ ᠶᠠᠳᠠᠷᠠᠯ ᠵᠦᠳᠡᠷᠡᠯ ᠢᠶᠠᠨ ᠬᠦᠩᠭᠡᠷᠡᠭᠦᠯᠵᠦ᠂ ᠲᠡᠷᠡ ᠡᠨᠡᠬᠦ ᠦᠢᠯᠡᠴᠢᠯᠡᠭᠡᠨ ᠤ ᠲᠣᠭᠤᠷᠢᠭ ᠲᠤ ᠠᠮᠠᠷᠠᠵᠤ ᠰᠡᠯᠡᠬᠦᠴᠡᠵᠦ ᠴᠢᠳᠠᠭᠰᠠᠨ ᠢᠶᠠᠷ ᠪᠠᠷᠠᠬᠤ ᠦᠭᠡᠢ᠂ ᠬᠠᠯᠠᠭᠤᠨ ᠳᠤᠯᠠᠭᠠᠨ ᠪᠠ ᠪᠠᠶᠠᠷ ᠪᠠᠭ᠋ᠠᠳᠤᠯ ᠢ ᠮᠡᠳᠡᠷᠡᠪᠡ᠃   ᠱᠠᠨᠳᠦ᠋ᠩ ᠤᠨ ᠯᠢᠨ ᠢ ᠶᠢᠨ ᠵᠤᠭᠠᠴᠠᠭᠴᠢ ᠱᠢ ᠰᠢᠶᠣᠣ ᠹᠠᠨ᠄ ︽ᠥᠪᠥᠷ ᠮᠣᠩᠭᠤᠯ ᠳᠤ ᠣᠷᠣᠵᠤ ᠢᠷᠡᠭᠰᠡᠨ ᠠᠴᠠ ᠨᠠᠭᠠᠰᠢ᠂ ᠡᠨᠡ ᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠡᠯ᠎ᠡ ᠦᠢᠯᠡᠴᠢᠯᠡᠭᠡᠨ ᠤ ᠲᠣᠭᠤᠷᠢᠭ  ᠨᠢ ᠪᠦᠷ ᠮᠠᠰᠢ ᠰᠠᠶᠢᠨ᠂ ᠨᠡᠯᠢᠶᠡᠳ ᠥᠪᠡᠷᠮᠢᠴᠡ ᠣᠨᠴᠠᠯᠢᠭ ᠲᠠᠢ᠂ ᠵᠢᠱᠢᠶᠡᠯᠡᠪᠡᠯ ᠡᠨᠡ ᠬᠦ ᠦᠢᠯᠡᠴᠢᠯᠡᠭᠡᠨ ᠤ ᠲᠣᠭᠤᠷᠢᠭ ᠲᠤ ᠲᠡᠮᠡᠭᠡᠨ ᠬᠢᠷᠭᠤᠤᠯ ᠲᠠᠢ᠂ ᠪᠠᠰᠠ ᠵᠠᠷᠢᠮ ᠵᠤᠭ᠎ᠠ ᠴᠡᠩᠭᠡᠯ ᠤᠨ ᠲᠥᠬᠦᠭᠡᠷᠦᠮᠵᠢ ᠲᠠᠢ᠂ ᠬᠡᠦᠬᠡᠳ ᠨᠠᠰᠤᠲᠠᠳ ᠲᠤ ᠪᠦᠷ ᠨᠡᠯᠢᠶᠡᠳ ᠲᠥᠬᠦᠮ ᠪᠠᠶᠢᠵᠤ᠂ ᠪᠦᠬᠦᠯᠢ ᠴᠣᠭᠴᠠ ᠪᠠᠷ ᠢᠶᠠᠨ ᠶᠠᠪᠤᠵᠤ ᠰᠠᠭᠤᠭᠰᠠᠨ ᠬᠦᠮᠦᠰ ᠳᠤ ᠮᠠᠰᠢ ᠲᠠᠭᠠᠯᠠᠮᠵᠢᠲᠠᠢ᠂ ᠪᠠᠶᠠᠷ ᠴᠡᠩᠭᠡᠯ ᠢ ᠠᠪᠴᠦ ᠢᠷᠡᠵᠦ ᠴᠢᠳᠠᠵᠤ ᠪᠠᠶᠢᠨ᠎ᠠ︾ ᠭᠡᠪᠡ᠃    ᠬᠤᠪᠧᠢ ᠮᠤᠵᠢ ᠠᠴᠠ ᠢᠷᠡᠭᠰᠡᠨ ᠵᠤᠭᠠᠴᠠᠭᠴᠢ ᠯᠢᠦ ᠴᠢᠶᠣᠤ ᠨᠢᠭᠡ ᠭᠡᠷ ᠤᠨ ᠬᠢᠨ ᠨᠠᠶᠢᠵᠠ ᠨᠠᠷ ᠲᠠᠢ ᠪᠠᠨ ᠪᠣᠯᠵᠣᠵᠤ᠂ ᠰᠠᠶᠢᠬᠠᠨᠲᠤᠤᠷᠠᠢ ᠶᠢᠨ ᠦᠢᠯᠡᠴᠢᠯᠡᠭᠡᠨ ᠤ ᠲᠢᠩᠬᠢᠮ ᠳᠤ ᠵᠤᠭᠠᠴᠠᠵᠤ᠂ ᠬᠦᠪᠤᠡᠩ ᠴᠠᠭᠠᠨ ᠮᠣᠩᠭᠤᠯ ᠭᠡᠷ ᠵᠢᠴᠢ ᠭᠤᠶᠤ ᠰᠠᠶᠢᠬᠠᠨ ᠮᠣᠩᠭᠤᠯ ᠬᠤᠪᠴᠠᠰᠤ ᠵᠠᠰᠠᠯ᠂ ᠰᠦᠨ ᠰᠠᠭᠤᠯᠠᠭ᠎ᠠ ᠵᠡᠷᠭᠡ ᠣᠨᠴᠠᠯᠢᠭ ᠲᠠᠢ ᠳᠡᠯᠭᠡᠨ ᠦᠵᠡᠭᠦᠯᠦᠯᠭᠡ ᠶᠢ ᠰᠣᠨᠢᠷᠬᠠᠵᠤ᠂ ᠬᠡᠦᠬᠡᠳ ᠤᠳ ᠴᠦ ᠡᠯᠡᠰᠦᠨ ᠳᠡᠭᠡᠷ᠎ᠡ ᠮᠠᠰᠢ ᠪᠠᠶᠠᠷ ᠬᠦᠷ ᠲᠠᠢ ᠨᠠᠭᠠᠳᠴᠦ       ᠪᠠᠶᠢᠯ᠎ᠠ᠂ ᠡᠨᠡ ᠨᠢ ᠲᠡᠳᠡᠨ ᠤ ᠠᠶᠠᠨ ᠵᠠᠮ ᠤᠨ ᠶᠠᠳᠠᠷᠠᠯ ᠵᠦᠳᠡᠷᠡᠯ ᠢ ᠲᠠᠶᠢᠯᠤᠭᠰᠠᠨ ᠢᠶᠠᠷ ᠪᠠᠷᠠᠬᠤ ᠦᠭᠡᠢ ᠪᠠᠰᠠ ᠲᠡᠳᠡᠨ ᠳᠤ ᠪᠠᠶᠠᠷ ᠬᠦᠷ ᠲᠠᠢ ᠰᠠᠨᠠᠭᠳᠠᠭᠤᠯᠵᠠᠢ᠃   ᠬᠤᠪᠧᠢ ᠮᠤᠵᠢ ᠶᠢᠨ ᠵᠤᠭᠠᠴᠠᠭᠴᠢ ᠯᠢᠦ ᠴᠢᠶᠣᠤ᠄ ︽ᠡᠨᠡ ᠬᠦ ᠦᠢᠯᠡᠴᠢᠯᠡᠭᠡᠨ ᠤ ᠲᠣᠭᠤᠷᠢᠭ ᠨᠢ ᠰᠠᠨᠠᠭᠠᠨ ᠠᠴᠠ ᠭᠠᠳᠠᠭᠤᠷ ᠶᠡᠭᠡ ᠤᠨᠴᠠᠯᠢᠭ ᠲᠠᠢ ᠰᠠᠨᠠᠭᠳᠠᠭᠰᠠᠨ᠂ ᠬᠡᠤᠬᠡᠳ ᠤᠳ ᠮᠠᠨᠢ ᠴᠦ ᠠᠳᠠᠯᠢ ᠪᠤᠰᠤ ᠶᠢᠨ ᠤᠷᠴᠢᠨ ᠠᠬᠤᠢ  ᠲᠠᠢ ᠤᠶᠢᠷᠠᠳᠴᠦ ᠪᠡᠶᠡᠷ ᠬᠦᠷ ᠲᠠᠢ ᠪᠠᠶᠢᠬᠤ ᠪᠠᠷ ᠪᠠᠷᠠᠬᠤ ᠦᠭᠡᠢ ᠲᠣᠮᠣᠴᠤᠤᠯ ᠪᠢᠳᠠ ᠴᠦ ᠲᠤᠬᠠᠢ ᠶᠢᠨ ᠭᠠᠵᠠᠷ ᠤᠨ ᠵᠠᠩ ᠦᠢᠯᠡ ᠶᠢᠨ ᠵᠠᠷᠢᠮ ᠰᠣᠶᠣᠯ ᠤᠨ ᠣᠨᠴᠠᠯᠢᠭ ᠢ ᠤᠶᠢᠯᠠᠭᠠᠯ᠎ᠠ︾ ᠭᠡᠪᠡ᠃   ᠡᠵᠡᠨ᠎ᠡ ᠬᠤᠰᠢᠭᠤᠨ ᠤ ᠦᠢᠯᠡᠴᠢᠯᠡᠭᠡᠨ ᠤ ᠲᠣᠭᠤᠷᠢᠭ ᠤᠨ ᠬᠢᠨ ᠡᠵᠡᠨ᠎ᠡ ᠶᠢᠨ ᠲᠣᠣᠷᠠᠢ ᠶᠢᠨ ᠤᠢ ᠶᠢᠨ ᠦᠵᠡᠮᠵᠢ ᠶᠢᠨ ᠣᠷᠣᠨ ᠤ ᠳᠠᠪᠠᠭᠤᠯᠢᠭ ᠢ ᠠᠰᠢᠭᠯᠠᠵᠤ᠂ ︽ᠦᠢᠯᠡᠴᠢᠯᠡᠭᠡᠨ ᠤ ᠲᠣᠭᠤᠷᠢᠭ + ᠵᠤᠭᠠᠴᠠᠯ︾ ᠤᠨ ᠰᠢᠨ᠎ᠡ ᠵᠠᠮ ᠢ ᠢᠳᠡᠪᠬᠢᠲᠡᠢ ᠬᠠᠶᠢᠨ ᠰᠦᠪᠡᠭᠴᠢᠯᠡᠨ᠎ᠡ᠃ ᠪᠣᠯᠪᠠᠰᠤᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠳᠠᠯ ᠢ ᠰᠠᠶᠢᠵᠢᠷᠠᠭᠤᠯᠤᠨ᠂ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠭᠠᠷᠭᠠᠵᠤ ︽ᠤᠯᠠᠭ᠎ᠠ ᠦᠷᠲᠡᠭᠡ ᠮᠠᠶ᠋ᠢᠭ︾ ᠤᠨ ᠪᠠᠭᠤᠴᠠ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠨ᠂ ᠳᠥᠷᠪᠡ ᠶᠢ ᠠᠬᠢᠭᠤᠯᠬᠤ ᠪᠠᠷ ᠬᠦᠴᠦᠯᠡᠵᠦ᠂ ︽ᠵᠤᠭᠠᠴᠠᠯ ᠤᠨ ᠮᠠᠶ᠋ᠢᠭ︾ ᠤᠨ ᠦᠢᠯᠡᠴᠢᠯᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠳᠬᠦ ᠶᠢ ᠠᠬᠢᠭᠤᠯᠵᠤ᠂ ᠵᠤᠭᠠᠴᠠᠭᠰᠠᠳ ᠤᠨ ᠴᠢᠨᠠᠷ ᠰᠠᠶᠢᠲᠠᠢ᠂ ᠤᠯᠠᠨ ᠶᠠᠩᠵᠤ ᠶᠢᠨ ᠠᠶᠠᠯᠠᠯ ᠤᠨ ᠬᠡᠷᠡᠭᠴᠡᠭᠡ ᠶᠢ ᠲᠠᠰᠤᠷᠠᠯᠳᠡ ᠦᠭᠡᠢ ᠬᠠᠩᠭᠠᠵᠤ᠂ ︽ᠠᠶᠠᠯᠠᠯ ᠤᠨ ᠵᠠᠮ︾ ᠢ ︽ᠵᠤᠭᠠᠯᠠᠨ ᠠᠶᠠᠯᠠᠬᠤ ᠵᠠᠮ︾ ᠪᠣᠯᠭᠠᠵᠤ᠂ ︽ᠭᠤᠪᠢ ᠨᠤᠲᠤᠭ︾ ᠢ       ︽ᠦᠵᠡᠮᠵᠢ ᠶᠢᠨ ᠣᠷᠣᠨ︾ ᠪᠣᠯᠭᠠᠬᠤ ᠪᠠᠷ ᠬᠦᠴᠦᠯᠡᠨ ᠴᠢᠷᠮᠠᠶᠢᠨ᠎ᠠ᠃   ᠰᠠᠶᠢᠬᠠᠨᠲᠤᠤᠷᠠᠢ ᠦᠢᠯᠡᠴᠢᠯᠡᠭᠡᠨ ᠤ ᠲᠤᠭᠤᠷᠢᠭ ᠤᠨ ᠬᠠᠷᠢᠭᠤᠴᠠᠯᠭᠠᠲᠠᠨ ᠵᠠᠩ ᠯᠢᠶᠠᠩ᠄ ︽ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠠᠯᠠᠱᠠ ᠶᠢᠨ ᠬᠤᠪᠢᠶᠠᠷᠢ ᠺᠣᠮᠫᠠᠨᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠤᠷᠢᠭ ᠨᠢ ᠦᠢᠯᠡᠴᠢᠯᠡᠭᠡᠨ ᠤ ᠲᠣᠭᠤᠷᠢᠭ ᠤᠨ ᠴᠢᠳᠠᠮᠵᠢ ᠶᠢ ᠳᠠᠬᠢᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ G7 ᠲᠦᠷᠭᠡᠨ ᠤ ᠵᠠᠮ ᠢ ︿ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠠᠴᠢᠶᠠᠯᠠᠪᠤᠷᠢ᠂ ᠰᠣᠶᠣᠯ ᠤᠨ ᠳᠠᠮᠵᠢᠭᠤᠯᠭ᠎ᠠ ᠶᠢᠨ ᠰᠢᠨ᠎ᠡ ᠠᠷᠭ᠎ᠠ ᠵᠠᠮ᠂ ᠵᠢᠭᠤᠯᠴᠢᠯᠠᠯ ᠤᠨ ᠦᠵᠡᠭᠦᠯᠦᠯᠭᠡ ᠶᠢᠨ ᠰᠢᠨ᠎ᠡ ᠵᠠᠭᠤᠴᠢᠯᠠᠭᠤᠷ᠂ ᠠᠵᠤ ᠠᠬᠤᠶᠢᠯᠠᠯ ᠤᠨ ᠣᠷᠣᠯᠭ᠎ᠠ ᠶᠢᠨ ᠰᠢᠨ᠎ᠡ ᠬᠡᠰᠡᠭ﹀ ᠪᠣᠯᠭᠠᠨ᠎ᠠ︾ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号