ᠵᠣᠨ ᠤ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠨᠢ ᠠᠯᠠᠰᠢᠨ ᠦᠬᠡᠷ ᠲᠤ ᠠᠪᠴᠤ | ᠬᠡᠯᠡᠪᠡᠯ ᠮᠠᠰᠢ ᠶᠡᠭᠡ ᠰᠢᠯᠭᠠᠯᠲᠠ ᠪᠣᠯᠣᠨ᠎ᠠ᠂ ᠤᠴᠢᠷ ᠨᠢ ᠵᠣᠨ ᠤ ᠤᠯᠠᠷᠢᠯ ᠤᠨ ᠥᠨᠳᠥᠷ ᠳᠤᠯᠠᠭᠠᠨ᠂ ᠢᠯᠠᠭ᠎ᠠ | ᠪᠠᠲᠠᠭᠠᠨ᠎ᠠ ᠵᠡᠷᠭᠡ ᠰᠢᠯᠲᠠᠭᠠᠨ ᠠᠴᠠ ᠠᠯᠠᠰᠢᠨ ᠦᠬᠡᠷ ᠤᠨ ᠢᠳᠡᠭᠡᠨ ᠤ ᠳᠤᠷᠠᠰᠢᠯ ᠮᠠᠭᠤᠳᠠᠳᠠᠭ᠂ ᠡᠶᠢᠮᠦ ᠠᠴᠠ | ᠵᠣᠨ ᠤ ᠤᠯᠠᠷᠢᠯ ᠳᠤ ᠬᠠᠮᠢᠶᠠᠷᠤᠯᠲᠠ ᠵᠣᠬᠢᠰ ᠦᠭᠡᠢ ᠪᠣᠯ ᠠᠯᠠᠰᠢᠨ ᠦᠬᠡᠷ ᠠᠮᠠᠷᠬᠠᠨ ᠡᠴᠡᠳᠡᠭ᠂ ᠳᠣᠣᠷ᠎ᠠ ᠪᠢᠳᠡ | ᠵᠣᠨ ᠤ ᠤᠯᠠᠷᠢᠯ ᠳᠤ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠷᠭ᠎ᠠ ᠶᠢ ᠲᠠᠨᠢᠯᠴᠠᠭᠤᠯᠵᠤ ᠣᠯᠠᠨ ᠳᠤ | ᠯᠠᠪᠯᠠᠯᠲᠠ ᠪᠣᠯᠭᠠᠶ᠎ᠠ᠃ 1. ᠮᠣᠳᠣᠨ ᠤ ᠰᠡᠭᠦᠳᠡᠷ ᠢᠶᠠᠷ ᠬᠠᠯᠠᠭᠤᠨ ᠢ ᠬᠠᠯᠬᠠᠯᠠᠨ᠂ ᠰᠠᠯᠬᠢ ᠵᠢᠪᠠᠷ ᠨᠡᠪᠲᠡᠷᠡᠭᠦᠯᠦᠨ | ᠤᠰᠤ ᠰᠦᠷᠴᠢᠵᠦ ᠤᠬᠢᠶᠠᠨ᠎ᠠ ᠤᠮᠠᠷᠠᠲᠤ ᠣᠷᠣᠨ ᠳᠤ ᠠᠯᠠᠰᠢᠨ ᠦᠬᠡᠷ ᠤᠨ ᠬᠠᠰᠢᠶ᠎ᠠ ᠶᠢᠨ ᠣᠯᠠᠩᠬᠢ ᠨᠢ ᠬᠠᠭᠠᠰ | ᠪᠢᠲᠡᠭᠦᠮᠵᠢᠯᠡᠭᠰᠡᠨ ᠬᠡᠯᠪᠡᠷᠢ ᠲᠠᠢ ᠪᠠᠶᠢᠵᠤ᠂ ᠲᠡᠭᠦᠨ ᠤ ᠬᠡᠷᠡᠯ ᠬᠠᠯᠬᠠᠯᠠᠬᠤ ᠦᠢᠯᠡᠳᠦᠯ ᠨᠢ ᠨᠡᠯᠢᠶᠡᠳ ᠰᠠᠶᠢᠨ | ᠪᠠᠶᠢᠳᠠᠭ᠃ ᠦᠬᠡᠷ ᠤᠨ ᠬᠠᠰᠢᠶᠠᠨ ᠤ ᠬᠤᠭᠤᠷᠣᠨᠳᠤ ᠮᠣᠳᠣ ᠵᠠᠶᠢᠯᠠᠬᠤ ᠪᠤᠶᠤ ᠵᠡᠯ᠎ᠡ ᠤᠷᠭᠤᠮᠠᠯ ᠢ ᠳᠠᠷᠢᠪᠠᠯ | ᠬᠠᠯᠠᠭᠤᠨ ᠢ ᠬᠠᠯᠬᠠᠯᠠᠳᠠᠭ᠃ ᠰᠠᠯᠬᠢ ᠨᠡᠪᠲᠡᠷᠡᠬᠦ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠬᠠᠰᠢᠶ᠎ᠠ ᠰᠠᠷᠠᠪᠴᠢᠨ ᠳᠤ | ᠰᠡᠩᠰᠡ ᠤᠭᠰᠠᠷᠠᠵᠤ᠂ ᠠᠭᠠᠷ ᠤᠨ ᠤᠷᠤᠰᠬᠠᠯ ᠢ ᠨᠡᠮᠡᠭᠳᠡᠭᠦᠯᠦᠨ᠂ ᠰᠠᠷᠠᠪᠴᠢ ᠶᠢᠨ ᠳᠤᠯᠠᠭᠠᠨ ᠢ | ᠳᠣᠷᠣᠭᠰᠢᠯᠠᠭᠤᠯᠤᠨ᠎ᠠ᠃ ᠪᠠᠰᠠ ᠤᠰᠤᠨ ᠰᠦᠷᠴᠢᠭᠦᠷ ᠤᠨ ᠲᠥᠬᠦᠭᠡᠷᠦᠮᠵᠢ ᠶᠢ ᠤᠭᠰᠠᠷᠠᠵᠤ᠂ ᠠᠭᠠᠷ ᠤᠨ ᠳᠤᠯᠠᠭᠠᠨ | ᠥᠨᠳᠥᠷ ᠮᠥᠷᠲᠡᠭᠡᠨ ᠬᠠᠭᠤᠷᠠᠢ ᠦᠶ᠎ᠡ ᠳᠤ ᠤᠰᠤᠨ ᠰᠦᠷᠴᠢᠭᠦᠷ ᠢ ᠰᠡᠩᠰᠡ ᠲᠠᠢ ᠬᠠᠮᠲᠤ ᠳᠤᠨᠢ ᠬᠡᠷᠡᠭᠯᠡᠨ᠎ᠡ᠃ 2. | ᠡᠳᠦᠷ ᠤᠨ ᠲᠡᠵᠢᠭᠡᠯ ᠪᠣᠷᠳᠣᠭᠠᠨ ᠳᠤ ᠲᠣᠬᠢᠷᠠᠭᠤᠯᠤᠯᠲᠠ ᠬᠢᠵᠦ᠂ ᠴᠠᠬᠢᠯᠭᠠᠨ ᠵᠠᠳᠠᠯᠤᠭᠳᠠᠬᠤᠨ ᠢ ᠵᠣᠬᠢᠰᠲᠠᠢ | ᠨᠥᠬᠦᠪᠦᠷᠢᠯᠡᠬᠦ ᠬᠡᠷᠡᠭᠲᠡᠢ ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠡᠳᠦᠷ ᠤᠨ ᠲᠡᠵᠢᠭᠡᠯ ᠪᠣᠷᠳᠣᠭᠠᠨ ᠤ ᠰᠢᠮ᠎ᠡ | ᠲᠡᠵᠢᠭᠡᠯ ᠤᠨ ᠠᠭᠤᠯᠤᠭᠳᠠᠴᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠪᠦᠳᠦᠭᠦᠨ ᠰᠢᠷᠬᠡᠭᠯᠢᠭ ᠲᠡᠵᠢᠭᠡᠯ ᠤᠨ | ᠬᠡᠮᠵᠢᠶ᠎ᠡ ᠶᠢ ᠪᠠᠭᠠᠰᠬᠠᠵᠤ᠂ ᠤᠭᠤᠷᠠᠭ ᠪᠣᠯᠣᠨ ᠴᠡᠪᠡᠷ ᠡᠨᠧᠷᠭᠢ ᠶᠢ ᠰᠢᠩᠭᠡᠬᠡᠨ ᠠᠪᠬᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠳᠦᠷ ᠤᠨ ᠲᠡᠵᠢᠭᠡᠯ ᠪᠣᠷᠳᠣᠭᠠᠨ ᠳᠠᠬᠢ ᠤᠭᠤᠷᠠᠭ ᠤᠨ ᠠᠭᠤᠯᠤᠭᠳᠠᠴᠠ ᠶᠢ 1% — | 2% ᠢᠶᠠᠷ ᠨᠡᠮᠡᠭᠳᠡᠭᠦᠯᠵᠦ᠂ ᠡᠨᠧᠷᠭᠢ ᠶᠢᠨ ᠲᠡᠵᠢᠭᠡᠯ ᠪᠣᠷᠳᠤᠭ᠎ᠠ ᠶᠢ ᠬᠠᠷᠢᠴᠠᠩᠭᠤᠢ ᠪᠠᠷ ᠪᠠᠭᠠᠰᠬᠠᠵᠤ᠂ ᠴᠢᠳᠠᠬᠤ ᠶᠢᠨ | ᠬᠢᠷᠢ ᠪᠠᠷ ᠨᠣᠭᠤᠭᠠᠨ ᠰᠢᠭᠦᠰᠦᠯᠢᠭ ᠲᠡᠵᠢᠭᠡᠯ ᠪᠣᠷᠳᠤᠭ᠎ᠠ ᠪᠠᠷ ᠢᠯᠡᠭᠦᠬᠡᠨ ᠲᠡᠵᠢᠭᠡᠵᠦ᠂ ᠢᠯᠴᠢ ᠶᠢᠨ ᠬᠤᠷᠣᠭᠳᠠᠯ ᠢ | ᠪᠠᠭᠠᠰᠬᠠᠨ᠎ᠠ᠃ ᠠᠮᠢᠰᠬᠤᠭ᠎ᠠ ᠪᠠ ᠬᠥᠯᠥᠰᠦ ᠭᠠᠷᠬᠤ ᠬᠡᠮᠵᠢᠶ᠎ᠡ ᠨᠡᠮᠡᠭᠳᠡᠳᠡᠭ ᠠᠴᠠ ᠴᠠᠬᠢᠯᠭᠠᠨ ᠵᠠᠳᠠᠯᠤᠭᠳᠠᠬᠤᠨ ᠪᠠ | ᠸᠢᠲ᠋ᠠᠮᠢᠨ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡᠯ ᠵᠣᠬᠢᠨ᠎ᠠ᠃ ᠵᠣᠨ ᠤ ᠤᠯᠠᠷᠢᠯ ᠤᠨ ᠥᠨᠳᠥᠷ ᠬᠠᠯᠠᠭᠤᠨ ᠳᠤ᠂ | ᠠᠯᠠᠰᠢᠨ ᠦᠬᠡᠷ ᠤᠨ ᠣᠯᠠᠩᠬᠢ ᠨᠢ ᠰᠥᠨᠢ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ ᠦᠶ᠎ᠡ ᠳᠤ ᠬᠥᠳᠡᠯᠭᠡᠭᠡᠨ | ᠬᠢᠵᠦ ᠢᠳᠡᠰᠢᠯᠡᠨ᠎ᠡ᠂ ᠣᠷᠣᠢ ᠠᠮᠠᠷᠠᠬᠤ ᠠᠴᠠ ᠡᠮᠦᠨ᠎ᠡ᠂ ᠠᠯᠠᠰᠢᠨ ᠦᠬᠡᠷ ᠤᠨ ᠬᠠᠰᠢᠶᠠᠨ ᠳᠤ ᠲᠡᠵᠢᠭᠡᠯ | ᠪᠣᠷᠳᠣᠭᠠᠨ ᠤ ᠵᠦᠢᠯ ᠢᠶᠠᠨ ᠭᠦᠢᠴᠡᠳ ᠬᠢᠪᠡᠯ ᠪᠣᠯᠴᠢᠬᠠᠨ᠎ᠠ᠃ ᠠᠯᠠᠰᠢᠨ ᠦᠬᠡᠷ ᠢᠳᠡᠭᠰᠡᠨ ᠤ ᠳᠠᠷᠠᠭ᠎ᠠ᠂ ᠨᠢᠭᠡ | ᠡᠳᠦᠷ ᠲᠤ 18 ᠴᠠᠭ ᠤᠨᠲᠠᠵᠤ ᠲᠠᠶᠢᠯᠤᠨ᠎ᠠ᠂ ᠡᠨᠡ ᠨᠢ ᠠᠯᠠᠰᠢᠨ ᠦᠬᠡᠷ ᠤᠨ ᠬᠦᠨᠳᠦ ᠶᠢᠨ ᠨᠡᠮᠡᠭᠳᠡᠯ ᠳᠤ ᠠᠰᠢᠭᠲᠠᠢ | ᠃ ᠠᠯᠠᠰᠢᠨ ᠦᠬᠡᠷ ᠢ ᠵᠣᠨ ᠤ ᠤᠯᠠᠷᠢᠯ ᠤᠨ ᠥᠨᠳᠥᠷ ᠬᠠᠯᠠᠭᠤᠨ ᠳᠤ ᠮᠠᠰᠢ ᠲᠦᠷᠭᠡᠨ ᠢᠶᠠᠷ ᠲᠠᠷᠭᠤᠯᠠᠭᠤᠯᠤᠶᠠ ᠭᠡᠪᠡᠯ | ᠂ ᠣᠷᠣᠢ ᠪᠦᠷᠢ 3 ᠤᠳᠠᠭ᠎ᠠ ᠲᠡᠵᠢᠭᠡᠬᠦ ᠠᠷᠭ᠎ᠠ ᠶᠢ ᠬᠡᠷᠡᠭᠯᠡᠵᠦ᠂ ᠣᠷᠣᠢ ᠶᠢᠨ 7 ᠴᠠᠭ᠂ ᠰᠥᠨᠢ ᠶᠢᠨ 11 ᠴᠠᠭ᠂ | ᠥᠷᠯᠥᠭᠡ ᠶᠢᠨ 4 ᠴᠠᠭ ᠲᠤ ᠲᠣᠰ ᠪᠦᠷᠢ ᠨᠢᠭᠡ ᠤᠳᠠᠭ᠎ᠠ ᠲᠡᠵᠢᠭᠡᠯ ᠪᠣᠷᠳᠤᠭ᠎ᠠ ᠢᠳᠡᠭᠦᠯᠵᠦ᠂ ᠡᠳᠦᠷ ᠲᠡᠭᠡᠨ | ᠦᠳᠡ ᠶᠢᠨ ᠡᠮᠦᠨᠡᠬᠢ 10 ᠴᠠᠭ ᠪᠠ ᠦᠳᠡ ᠶᠢᠨ ᠬᠤᠶᠢᠨᠠᠬᠢ 2 ᠴᠠᠭ ᠬᠠᠭᠠᠰ ᠲᠤ ᠲᠣᠰ ᠪᠦᠷᠢ 0.5% ᠶᠢᠨ | ᠳᠠᠪᠤᠰᠤ ᠲᠠᠢ ᠤᠰᠤ ᠪᠠᠷ ᠨᠢᠭᠡ ᠤᠳᠠᠭ᠎ᠠ ᠤᠰᠤᠯᠠᠪᠠᠯ ᠪᠣᠯᠴᠢᠬᠠᠨ᠎ᠠ᠃ 3. ᠥᠨᠳᠥᠷ ᠬᠠᠯᠠᠭᠤᠨ ᠠᠴᠠ ᠵᠠᠶᠢᠯᠠᠵᠤ | ᠲᠡᠵᠢᠭᠡᠨ ᠠᠷᠠᠴᠢᠯᠠᠵᠤ᠂ ᠣᠯᠠᠨ ᠲᠡᠵᠢᠭᠡᠵᠦ ᠣᠯᠠᠨ ᠤᠰᠤᠯᠠᠨ᠎ᠠ ᠦᠬᠡᠷ ᠤᠨ ᠢᠳᠡᠰᠢ ᠠᠪᠤᠭᠰᠠᠨ ᠤ ᠳᠠᠷᠠᠭᠠᠬᠢ 2 | — 3 ᠴᠠᠭ ᠪᠣᠯ ᠢᠯᠴᠢ ᠶᠢᠨ ᠡᠨᠧᠷᠭᠢ ᠶᠢᠨ ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠮᠥᠨ᠂ | ᠡᠶᠢᠮᠦ ᠠᠴᠠ ᠲᠡᠵᠢᠭᠡᠬᠦ ᠴᠠᠭ ᠤᠨ ᠲᠠᠯ᠎ᠠ ᠪᠠᠷ ᠢᠯᠴᠢ ᠶᠢᠨ ᠡᠨᠧᠷᠭᠢ ᠶᠢᠨ ᠦᠢᠯᠡᠳᠪᠦᠷᠢᠯᠡᠯ ᠤᠨ ᠣᠷᠭᠢᠯ ᠤᠨ | ᠬᠤᠭᠤᠴᠠᠭ᠎ᠠ ᠪᠠ ᠠᠭᠠᠷ ᠤᠨ ᠳᠤᠯᠠᠭᠠᠨ ᠤ ᠣᠷᠭᠢᠯ ᠤᠨ ᠬᠤᠭᠤᠴᠠᠭ᠎ᠠ ᠳᠠᠪᠬᠤᠴᠠᠬᠤ ᠠᠴᠠ ᠠᠯᠢ ᠴᠢᠳᠠᠬᠤ ᠪᠠᠷ | ᠵᠠᠶᠢᠯᠠᠰᠬᠢᠵᠦ᠂ ᠨᠢᠭᠡ ᠡᠳᠦᠷ ᠤᠨ ᠳᠣᠲᠣᠷᠠᠬᠢ ᠳᠤᠯᠠᠭᠠᠨ ᠤ ᠬᠡᠮᠵᠢᠶ᠎ᠡ ᠬᠠᠷᠢᠴᠠᠩᠭᠤᠢ ᠳᠣᠣᠷ᠎ᠠ ᠴᠠᠭ ᠢ ᠰᠣᠩᠭᠤᠵᠤ | ᠲᠡᠵᠢᠭᠡᠬᠦ ᠬᠡᠷᠡᠭᠲᠡᠢ᠃ 60% — 70% ᠶᠢᠨ ᠡᠳᠦᠷ ᠤᠨ ᠲᠡᠵᠢᠭᠡᠯ ᠪᠣᠷᠳᠤᠭ᠎ᠠ ᠶᠢ ᠣᠷᠣᠢ ᠶᠢᠨ 8 ᠴᠠᠭ ᠠᠴᠠ | ᠬᠤᠶᠠᠳᠤᠭᠠᠷ ᠡᠳᠦᠷ ᠤᠨ ᠥᠷᠯᠥᠭᠡ ᠶᠢᠨ 8 ᠴᠠᠭ ᠤᠨ ᠬᠤᠭᠤᠷᠣᠨᠳᠤ ᠲᠡᠵᠢᠭᠡᠵᠦ ᠪᠣᠯᠣᠨ᠎ᠠ᠂ ᠢᠯᠠᠩᠭᠤᠶ᠎ᠠ | ᠪᠦᠳᠦᠭᠦᠯᠢᠭ ᠪᠣᠷᠳᠤᠭ᠎ᠠ ᠶᠢ ᠣᠷᠣᠢ ᠶᠢᠨ 8 ᠴᠠᠭ᠂ ᠥᠷᠯᠥᠭᠡ ᠶᠢᠨ 5 ᠴᠠᠭ ᠠᠴᠠ ᠡᠮᠦᠨ᠎ᠡ ᠲᠣᠬᠢᠷᠠᠭᠤᠯᠵᠤ | ᠪᠣᠯᠣᠨ᠎ᠠ᠃ ᠡᠭᠦᠨ ᠤ ᠬᠠᠮᠲᠤ 3 ᠤᠳᠠᠭ᠎ᠠ ᠲᠡᠵᠢᠭᠡᠵᠦ ᠪᠠᠶᠢᠭᠰᠠᠨ ᠢᠶᠠᠨ 4 ᠤᠳᠠᠭ᠎ᠠ ᠲᠡᠵᠢᠭᠡᠬᠦ ᠪᠣᠯᠭᠠᠨ | ᠥᠭᠡᠷᠡᠴᠢᠯᠡᠵᠦ᠂ ᠰᠥᠨᠢ ᠳᠡᠭᠡᠨ ᠨᠢᠭᠡ ᠤᠳᠠᠭ᠎ᠠ ᠨᠥᠬᠦᠵᠦ ᠲᠡᠵᠢᠭᠡᠨ᠎ᠡ᠃ ᠣᠯᠠᠨ ᠤᠳᠠᠭ᠎ᠠ ᠤᠰᠤᠯᠠᠬᠤ ᠦᠶ᠎ᠡ ᠳᠤ | 0.5% ᠶᠢᠨ ᠳᠠᠪᠤᠰᠤ ᠨᠡᠮᠡᠨ᠎ᠡ᠃ ᠵᠣᠨ ᠤ ᠤᠯᠠᠷᠢᠯ ᠳᠤ ᠠᠯᠠᠰᠢᠨ ᠦᠬᠡᠷ ᠤᠨ ᠤᠤᠭᠤᠬᠤ ᠤᠰᠤ ᠨᠢ ᠨᠡᠯᠢᠶᠡᠳ | ᠠᠷᠪᠢᠨ ᠪᠠᠶᠢᠳᠠᠭ᠂ ᠡᠭᠦᠨ ᠤ ᠳᠣᠲᠣᠷ᠎ᠠ ᠬᠥᠬᠦᠭᠦᠯᠵᠦ ᠪᠠᠶᠢᠭ᠎ᠠ ᠠᠯᠠᠰᠢᠨ ᠦᠨᠢᠶ᠎ᠡ ᠪᠠ ᠲᠤᠭᠤᠯ ᠤᠨ ᠬᠡᠷᠡᠭᠰᠡᠬᠦ | ᠤᠰᠤᠨ ᠤ ᠬᠡᠮᠵᠢᠶ᠎ᠡ ᠨᠢ ᠨᠠᠩ ᠶᠡᠭᠡ ᠪᠠᠶᠢᠳᠠᠭ᠂ ᠡᠶᠢᠮᠦ ᠠᠴᠠ ᠵᠣᠨ ᠤ ᠤᠯᠠᠷᠢᠯ ᠳᠤ ᠰᠢᠩᠭᠡᠨ ᠲᠡᠵᠢᠭᠡᠯ ᠢᠶᠠᠷ | ᠲᠡᠵᠢᠭᠡᠪᠡᠯ ᠬᠠᠮᠤᠭ ᠤᠨ ᠰᠠᠶᠢᠨ ᠪᠠᠶᠢᠳᠠᠭ᠃ ᠬᠠᠰᠢᠶᠠᠨ ᠳᠠᠭᠠᠨ ᠰᠠᠪᠠ ᠪᠤᠶᠤ ᠤᠰᠤᠨ ᠣᠩᠭᠤᠴᠠ ᠲᠠᠯᠪᠢᠵᠤ᠂ ᠴᠠᠭ | ᠲᠤᠬᠠᠢ ᠳᠤᠨᠢ ᠴᠡᠪᠡᠷ ᠤᠰᠤ ᠬᠠᠩᠭᠠᠨ᠎ᠠ᠃ ᠥᠨᠳᠥᠷ ᠬᠠᠯᠠᠭᠤᠨ ᠤ ᠪᠠᠶᠢᠳᠠᠯ ᠳᠣᠣᠷ᠎ᠠ᠂ ᠠᠯᠠᠰᠢᠨ ᠦᠬᠡᠷ ᠤᠨ | ᠬᠠᠰᠢᠶᠠᠨ ᠳᠤ ᠨᠢᠭᠡ ᠨᠦᠬᠡ ᠮᠠᠯᠲᠠᠵᠤ᠂ ᠬᠤᠳᠳᠤᠭ ᠤᠨ ᠬᠦᠢᠲᠡᠨ ᠤᠰᠤ ᠶᠢ ᠭᠦᠢᠴᠡᠳ ᠴᠢᠳᠬᠤᠵᠤ᠂ ᠦᠬᠡᠷ ᠤᠨ | ︽ᠬᠥᠯᠪᠡᠷᠢᠬᠦ ᠰᠢᠪᠠᠷ︾ ᠢ ᠬᠠᠩᠭᠠᠨ᠎ᠠ᠂ ᠭᠡᠪᠡᠴᠦ ᠬᠤᠳᠳᠤᠭ ᠤᠨ ᠬᠦᠢᠲᠡᠨ ᠤᠰᠤ ᠶᠢ ᠰᠢᠭᠤᠳ ᠠᠯᠠᠰᠢᠨ | ᠦᠬᠡᠷ ᠤᠨ ᠪᠡᠶ᠎ᠡ ᠳᠡᠭᠡᠷ᠎ᠡ ᠠᠰᠬᠠᠵᠤ ᠶᠠᠭᠠᠬᠢᠭᠰᠠᠨ ᠴᠤ ᠪᠣᠯᠬᠤ ᠦᠭᠡᠢ᠃ 4. ᠬᠠᠯᠠᠭᠤᠨ ᠢ ᠠᠷᠢᠯᠭᠠᠬᠤ ᠴᠡᠪᠡᠷ | ᠪᠣᠷᠳᠤᠭ᠎ᠠ ᠪᠠᠷ ᠢᠯᠡᠭᠦᠬᠡᠨ ᠲᠡᠵᠢᠭᠡᠨ᠎ᠡ ᠦᠷᠭᠦᠯᠵᠢ ᠲᠣᠬᠢᠶᠠᠯᠳᠤᠳᠠᠭ ᠨᠢ ᠪᠤᠭᠤᠳᠠᠢ ᠶᠢᠨ ᠬᠡᠪᠡᠭ᠂ ᠪᠤᠷᠴᠠᠭ ᠤᠨ | ᠪᠣᠣᠪᠤ᠂ ᠯᠣᠬᠠᠱᠧᠩ ᠤᠨ ᠪᠣᠣᠪᠤ᠂ ᠬᠢᠮᠡᠯ ᠳᠠᠪᠤᠰᠤ᠂ ᠯᠠᠩᠭᠤᠸᠠ ᠵᠡᠷᠭᠡ ᠶᠢ ᠨᠥᠬᠦᠴᠡᠯ ᠢᠶᠠᠨ ᠦᠨᠳᠦᠰᠦᠯᠡᠵᠦ | ᠳᠤᠷ᠎ᠠ ᠪᠠᠷ ᠢᠶᠠᠨ ᠨᠡᠮᠡᠵᠦ᠂ ᠰᠢᠰᠢ᠂ ᠬᠠᠲᠠᠭᠠᠮᠠᠯ᠂ ᠬᠥᠪᠥᠩ ᠤᠨ ᠰᠦᠷᠡᠯ ᠪᠠ ᠪᠠᠵᠢᠮᠠᠭ ᠵᠡᠷᠭᠡ ᠬᠠᠯᠠᠭᠤᠨ ᠴᠢᠨᠠᠷ ᠲᠠᠢ | ᠪᠣᠷᠳᠤᠭ᠎ᠠ ᠶᠢ ᠴᠢᠳᠠᠬᠤ ᠶᠢᠨ ᠬᠢᠷᠢ ᠪᠠᠷ ᠪᠠᠭ᠎ᠠ ᠲᠡᠵᠢᠭᠡᠨ᠎ᠡ᠃ |