ᠬᠡᠭᠡᠷ᠎ᠡ ᠶᠢᠨ ᠠᠮᠢᠲᠠᠨ ᠪᠣᠯ ᠨᠢᠭᠡ ᠵᠦᠢᠯ ᠤᠨ ᠪᠠᠶᠢᠭᠠᠯᠢ ᠶᠢᠨ ᠡᠬᠢ ᠪᠠᠶᠠᠯᠢᠭ ᠪᠣᠯᠬᠤ ᠪᠠᠷ ᠪᠠᠷᠠᠬᠤ ᠦᠭᠡᠢ᠂ ᠨᠡᠩ | ᠴᠤ ᠴᠢᠬᠤᠯᠠ ᠠᠮᠢ ᠠᠬᠤᠢ ᠶᠢᠨ ᠡᠬᠢ ᠪᠠᠶᠠᠯᠢᠭ ᠪᠣᠯᠤᠨ᠎ᠠ ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠢ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠳᠤ | ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | 8 ᠰᠠᠷ᠎ᠠ ᠶᠢᠨ 13 ᠤ ᠡᠳᠦᠷ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠵᠠᠰᠠᠭ ᠤᠨ ᠣᠷᠳᠣᠨ ᠣᠯᠠᠨ | ᠲᠦᠮᠡᠨ ᠤ ᠲᠤᠰᠬᠠᠭᠰᠠᠨ ᠢᠶᠠᠷ᠂ S229 ᠵᠠᠰᠠᠮᠠᠯ ᠵᠠᠮ ᠳᠠᠭᠠᠤ ᠳᠤ ᠨᠢᠭᠡᠨ ᠬᠡᠭᠡᠷ᠎ᠡ ᠶᠢᠨ ᠰᠢᠪᠠᠭᠤᠨ ᠤ ᠲᠥᠷᠥᠯ | ᠵᠠᠮ ᠤᠨ ᠬᠠᠵᠠᠭᠤ ᠳᠤ ᠭᠡᠪᠳᠡᠵᠣ ᠨᠢᠰᠴᠣ ᠲᠡᠶᠢᠯᠬᠦ ᠦᠭᠡᠢ ᠪᠠᠶᠢᠬᠤ ᠶᠢ ᠣᠯᠵᠤ ᠮᠡᠳᠡᠨ᠂ ᠣᠯᠣᠰ ᠤᠨ | ᠬᠠᠮᠠᠭᠠᠯᠠᠯᠳᠠ ᠶᠢᠨ ᠠᠮᠢᠳᠠᠨ ᠮᠠᠭᠠᠳᠯᠠᠯ ᠲᠠᠢ ᠭᠡᠵᠣ ᠲᠣᠰᠬᠠᠪᠠ᠃ ᠠᠵᠢᠯᠲᠠᠳ ᠲᠡᠷᠡ ᠳᠠᠷᠤᠢ ᠳᠤᠨᠢ ᠲᠤᠬᠠᠢ ᠶᠢᠨ | ᠲᠠᠯᠠᠪᠤᠷ ᠲᠤ ᠬᠦᠷᠴᠦ᠂ ᠮᠠᠲ᠋ᠧᠷᠢᠶᠠᠯ ᠡᠷᠢᠵᠣ᠂ ᠵᠢᠷᠤᠭ ᠬᠠᠷᠢᠴᠠᠭᠤᠯᠬᠤ ᠶᠢᠨ ᠲᠠᠭᠤ ᠣᠶ ᠰᠢᠭᠤᠢ ᠶᠢᠨ ᠰᠠᠯᠠᠭ᠎ᠠ | ᠮᠥᠴᠢᠷ ᠲᠠᠢ ᠬᠤᠯᠪᠣᠵᠤ ᠲᠤᠰᠬᠠᠢ ᠮᠡᠷᠭᠡᠵᠢᠯ ᠤᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠡᠴᠦᠰ ᠲᠡᠭᠡᠨ ᠲᠣᠰ | ᠰᠢᠪᠠᠭᠤ ᠶᠢ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ︱ ᠬᠠᠷ᠎ᠠ ᠭᠠᠯᠠᠭᠤ ᠭᠡᠵᠦ | ᠲᠣᠭᠳᠠᠭᠠᠪᠠ᠃ ᠠᠵᠢᠯᠲᠠᠳ ᠲᠡᠷᠡ ᠳᠠᠷᠤᠢ ᠳᠤᠨᠢ ᠲᠡᠭᠦᠨ ᠢ ᠵᠠᠰᠠᠭ ᠤᠨ ᠣᠷᠳᠣᠨ ᠤ ᠬᠦᠷᠢᠶᠡᠨ ᠳᠤ ᠠᠪᠠᠴᠢᠵᠤ | ᠠᠪᠤᠷᠠᠨ ᠲᠣᠰᠠᠯᠠᠵᠣ᠂ ᠨᠢᠮᠪᠠᠢ ᠠᠷᠠᠴᠢᠯᠠᠭᠰᠠᠨ ᠠᠴᠠ ᠬᠠᠷ᠎ᠠ ᠭᠠᠯᠠᠭᠤ ᠠᠭᠠᠵᠢᠮ ᠢᠶᠠᠷ ᠢᠳᠡᠭᠡᠷᠡᠵᠣ᠂ ᠲᠠᠮᠢᠷ | ᠲᠡᠩᠬᠡᠭᠡ ᠨᠢ ᠰᠡᠷᠭᠦᠪᠡ ᠂ ᠳᠠᠷᠠᠭ᠎ᠠ ᠠᠯᠬᠤᠮ ᠳᠤ ᠲᠡᠭᠦᠨ ᠤ ᠠᠮᠢ ᠨᠠᠰᠤᠨ ᠤ ᠰᠢᠨᠵᠢ ᠲᠡᠮᠳᠡᠭ ᠨᠢ ᠰᠠᠶᠢᠨ᠂ ᠬᠡᠭᠡᠷ᠎ᠡ | ᠭᠠᠳᠠᠨ᠎ᠠ ᠠᠮᠢᠳᠤᠷᠠᠬᠤ ᠴᠢᠳᠠᠪᠤᠷᠢ ᠲᠠᠢ ᠪᠣᠯᠤᠭᠰᠠᠨ ᠤ ᠳᠠᠷᠠᠭ᠎ᠠ᠂ ᠲᠣᠬᠢᠷᠠᠮᠵᠢᠲᠠᠢ ᠭᠠᠵᠠᠷ ᠰᠣᠩᠭᠤᠵᠤ ᠡᠬᠡ | ᠪᠠᠶᠢᠭᠠᠯᠢ ᠳᠤ ᠪᠤᠴᠠᠭᠠᠨ᠎ᠠ᠃ | ᠲᠣᠰ ᠤᠳᠠᠭᠠᠨ ᠤ ᠬᠠᠷ᠎ᠠ ᠭᠠᠯᠠᠭᠤ ᠶᠢ ᠠᠮᠵᠢᠯᠲᠠ ᠲᠠᠢ ᠠᠪᠣᠷᠠᠨ ᠲᠣᠰᠠᠯᠠᠭᠰᠠᠨ ᠨᠢ ᠺᠠᠳ᠋ᠷ ᠣᠯᠠᠨ ᠲᠦᠮᠡᠨ ᠤ | ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢᠯᠡᠷᠡᠭᠡᠢ ᠲᠡᠭᠡᠰᠢᠯᠡᠭᠰᠡᠨ ᠢ ᠬᠠᠷᠠᠭᠤᠯᠵᠣ᠂ ᠠᠮᠢ ᠠᠬᠤᠢ ᠶᠢᠨ | ᠲᠡᠩᠴᠡᠭᠦᠷᠢ ᠶᠢᠨ ᠲᠤᠬᠠᠢ ᠠᠩᠬᠠᠷᠤᠯ ᠴᠤ ᠢᠯᠡᠷᠭᠡᠢ ᠪᠣᠯᠪᠡ᠃ ᠲᠠᠷᠠᠭᠠᠴᠢ ᠶᠢᠨ ᠠᠯᠬᠤᠮ ᠳᠤ᠂ ᠬᠠᠷ᠎ᠠ | ᠪᠦᠷᠭᠦᠳ ᠤᠨ ᠠᠭᠤᠯᠠ ᠪᠠᠯᠭᠠᠰᠤᠨ ᠤ ᠵᠠᠰᠠᠭ ᠤᠨ ᠣᠷᠳᠣᠨ ᠦᠷᠭᠦᠯᠵᠢᠯᠡᠨ ᠠᠮᠢ ᠠᠬᠤᠢ ᠶᠢᠨ ᠣᠷᠴᠢᠨ ᠲᠣᠭᠤᠷᠢᠨ᠂ | ᠬᠠᠮᠠᠭᠠᠯᠠᠯᠲᠠ ᠶᠢᠨ ᠠᠮᠢᠲᠠᠨ ᠢ ᠬᠢᠨᠠᠨ ᠬᠡᠮᠵᠢᠯᠲᠠ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ | ᠣᠯᠠᠨ ᠲᠦᠮᠡᠨ ᠢ ᠬᠥᠲᠥᠯᠥᠨ ᠵᠢᠯᠤᠭᠤᠳᠴᠤ ᠠᠮᠢᠲᠠᠨ ᠢ ᠬᠠᠮᠠᠭᠠᠯᠠᠬᠤ᠂ ᠬᠠᠶᠢᠷᠠᠯᠠᠨ ᠬᠠᠮᠠᠭᠠᠯᠠᠬᠤ ᠠᠵᠢᠯᠯᠠᠭ᠎ᠠ ᠳᠤ | ᠢᠳᠡᠪᠬᠢᠲᠡᠢ ᠣᠷᠣᠯᠴᠠᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ | ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠠᠶᠢᠭᠤᠯᠣᠨ᠎ᠠ᠃ | |