ᠮᠠᠨ ᠤ ᠬᠤᠰᠢᠭᠤ ︽ᠪᠢᠳᠡᠨ ᠤ ᠪᠠᠶᠠᠷ · ᠲᠤᠯᠤᠭᠠᠨ ᠰᠠᠷ᠎ᠠ ᠶᠢᠨ ᠳᠣᠯᠣᠭᠠᠨ ᠤ ᠡᠳᠦᠷ︾ ᠭᠡᠬᠦ ᠰᠢᠷᠢᠰ ᠭᠤᠣᠯ ᠰᠡᠳᠦᠪᠲᠦ ᠰᠣᠶᠣᠯ ᠤᠨ ᠬᠥᠳᠡᠯᠭᠡᠭᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/16
    ᠣᠶᠢᠷ᠎ᠠ ᠳᠤ᠂ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ︽ᠪᠢᠳᠡᠨ ᠤ ᠪᠠᠶᠠᠷ · ᠲᠤᠯᠤᠭᠠᠨ ᠰᠠᠷ᠎ᠠ ᠶᠢᠨ ᠳᠣᠯᠣᠭᠠᠨ ᠤ ᠡᠳᠦᠷ︾ ᠭᠡᠬᠦ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠮᠵᠢᠯᠠᠯᠲᠤ ᠪᠠᠶᠠᠷ ᠤᠨ ᠡᠳᠦᠷ ᠤᠨ ᠭᠦᠨ ᠠᠭᠤᠯᠬᠤᠨ ᠢ ᠭᠦᠢᠴᠡᠳ ᠠᠭᠤᠳᠠᠯᠤᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠣᠯᠠᠨ ᠲᠦᠮᠡᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃    8 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠣᠯᠠᠨ ᠲᠦᠮᠡᠨᠴᠢ ᠦᠢᠯᠡᠴᠢᠯᠡᠭᠡᠨ ᠤ ᠲᠥᠪ ᠤᠨ ᠬᠠᠮᠲᠤᠷᠠᠭᠰᠠᠨ ᠨᠠᠮ ᠤᠨ ᠠᠵᠢᠯᠯᠠᠬᠤ ᠬᠤᠷᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠡᠵᠡᠨ᠎ᠡ ᠬᠤᠰᠢᠭᠤᠨ ᠤ ᠬᠤᠷᠢᠶ᠎ᠠ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠰᠣᠶᠣᠯ ᠤᠨ ᠣᠷᠳᠣᠨ ᠪᠠ ᠤᠯᠠᠭᠠᠨᠮᠥ᠋ᠴᠢᠷ ᠤᠨ ᠬᠠᠮᠵᠢᠯᠴᠠᠨ ᠡᠷᠭᠢᠯᠡᠭᠰᠡᠨ ︽ᠲᠤᠯᠤᠭᠠᠨ ᠰᠠᠷ᠎ᠠ ᠶᠢᠨ ᠳᠣᠯᠣᠭᠠᠨ ᠤ ᠡᠳᠦᠷ︾ ᠤᠨ ᠪᠣᠯᠵᠤᠭ᠎ᠠ ᠪᠠᠷ ᠲᠣᠭᠲᠠᠭᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠵᠠᠯᠠᠭᠤᠴᠤᠳ ᠤᠨ ᠨᠠᠶᠢᠵᠠᠯᠠᠬᠤ ᠨᠥᠬᠦᠷᠯᠡᠯ ᠤᠨ ᠠᠵᠢᠯᠯᠠᠭ᠎ᠠ ᠪᠠᠶᠠᠨᠲᠤᠤᠷᠠᠢ ᠰᠤᠮᠤ ᠶᠢᠨ ᠵᠢᠷᠭᠠᠯᠠᠩᠲᠤ ᠭᠠᠴᠠᠭ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠲᠤ ᠶᠠᠪᠤᠭᠳᠠᠪᠠ᠃   ᠤᠯᠠᠭᠠᠨᠮᠥ᠋ᠴᠢᠷ ᠤᠨ ᠬᠢᠨ ᠡᠷᠡᠭᠲᠡᠢ ᠡᠮᠡᠭᠲᠡᠢ ᠶᠢᠨ ᠬᠠᠮᠲᠤ ᠶᠢᠨ ᠪᠥᠵᠢᠭ ︽ᠭᠤᠪᠢ ᠶᠢᠨ ᠨᠠᠷᠭᠢᠯ︾᠂ ᠬᠥᠭᠵᠢᠮᠳᠡᠭᠦᠷ ︽ᠲᠦᠰᠢᠭ︾᠂ ᠡᠮᠡᠭᠲᠡᠢ ᠶᠢᠨ ᠭᠤᠴᠣᠯᠠᠯ ᠳᠠᠭᠤᠤ ︽ᠬᠠᠶᠢᠷᠠᠲᠤ ᠮᠢᠨᠢ︾ ᠵᠡᠷᠭᠡ ᠲᠣᠭᠯᠠᠯᠲᠠ ᠶᠢ ᠲᠣᠭᠯᠠᠵᠤ᠂ ᠲᠣᠭᠯᠠᠯᠲᠠ ᠳᠤ ᠣᠷᠣᠯᠴᠠᠭᠰᠠᠳ ᠮᠥᠰᠥ ᠬᠠᠭᠠᠯᠬᠤ ᠪᠠ ᠬᠠᠮᠲᠤ ᠶᠢᠨ ᠲᠣᠭᠯᠠᠭᠠᠮ ᠬᠢᠵᠦ᠂ ᠲᠣᠷᠭᠤᠳ ᠬᠤᠪᠴᠠᠰᠤ ᠵᠠᠰᠠᠯ ᠪᠠ ᠭᠠᠷ ᠤᠷᠠᠯᠠᠯ ᠤᠨ ᠢᠰᠡᠭᠡᠢ ᠬᠠᠳᠬᠤᠮᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠪᠡᠶᠡᠴᠢᠯᠡᠨ ᠣᠶᠢᠯᠠᠭᠠᠵᠤ᠂ ᠠᠬᠤᠢ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ᠂ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠰᠠᠶᠢᠬᠠᠨ ᠦᠩᠭᠡᠷᠡᠭᠦᠯᠪᠡ᠃    ᠲᠤᠯᠤᠭᠠᠨ ᠰᠠᠷ᠎ᠠ ᠶᠢᠨ ᠳᠣᠯᠣᠭᠠᠨ ᠤ ᠪᠠᠶᠠᠷ ᠲᠤ᠂ ᠮᠠᠨ ᠤ ᠬᠤᠰᠢᠭᠤ ᠭᠤᠤᠯ ᠰᠡᠳᠦᠪᠲᠤ ᠪᠠᠶᠠᠷ ᠤᠨ ᠡᠳᠦᠷ ᠤᠨ ᠠᠵᠢᠯᠯᠠᠭ᠎ᠠ  ᠥᠷᠨᠢᠭᠦᠯᠦᠨ᠂ ᠥᠷᠭᠡᠨ ᠣᠯᠠᠨ ᠲᠦᠮᠡᠨ ᠢ ᠳᠠᠶᠢᠴᠢᠯᠠᠨ ᠤᠯᠠᠮᠵᠢᠯᠠᠯᠲᠤ ᠰᠣᠶᠣᠯ ᠢ ᠤᠯᠠᠮ ᠰᠠᠶᠢᠨ ᠤᠶᠢᠯᠠᠭᠤᠯᠤᠨ ᠲᠠᠨᠢᠭᠤᠯᠵᠤ᠂ ᠣᠯᠠᠨ ᠲᠦᠮᠡᠨ ᠳᠤ ᠲᠤᠯᠤᠭᠠᠨ ᠰᠠᠷ᠎ᠠ ᠶᠢᠨ ᠳᠣᠯᠣᠭᠠᠨ ᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃ ᠡᠨᠡ ᠬᠦ ᠠᠵᠢᠯᠯᠠᠭ᠎ᠠ ᠨᠢ ᠤᠯᠠᠮᠵᠢᠯᠠᠯᠲᠤ ᠤᠯᠤᠰ ᠤᠨ ᠬᠡᠪ ᠨᠠᠮᠪᠠ ᠶᠢᠨ ᠪᠥᠵᠢᠭ ᠤᠨ ᠲᠣᠭᠯᠠᠯᠲᠠ ᠶᠢᠨ ᠳᠤᠮᠳᠠ ᠡᠬᠢᠯᠡᠵᠦ᠂ ᠬᠥᠲᠥᠯᠥᠭᠴᠢ ᠠᠴᠠ ᠪᠠᠶᠠᠷ ᠤᠨ ᠡᠳᠦᠷ ᠤᠨ ᠲᠡᠦᠬᠡᠨ ᠠᠬᠤᠢ ᠪᠠᠶᠢᠳᠠᠯ ᠪᠠ ᠰᠣᠶᠣᠯ ᠤᠨ ᠠᠭᠤᠯᠬᠤᠨ ᠢ ᠲᠣᠪᠴᠢ ᠥᠭᠦᠯᠡᠨ ᠲᠣᠭᠠᠴᠢᠵᠤ᠂ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠬᠤ ᠬᠡᠯᠪᠡᠷᠢ ᠶᠢ ᠲᠠᠨᠢᠯᠴᠠᠭᠤᠯᠵᠠᠢ᠃ ᠡᠨᠡ ᠬᠦ ᠠᠵᠢᠯᠯᠠᠭ᠎ᠠ ᠨᠢ ᠤᠯᠠᠮᠵᠢᠯᠠᠯᠲᠤ ᠪᠠᠶᠠᠷ ᠤᠨ ᠡᠳᠦᠷ ᠤᠨ ᠵᠠᠩ ᠦᠢᠯᠡ ᠲᠠᠢ ᠤᠶᠠᠯᠳᠤᠭᠤᠯᠤᠨ᠂ ᠰᠢᠯᠦᠭ ᠳᠠᠭᠤᠯᠠᠯ ᠢ ᠤᠷᠠᠨ ᠢᠶᠠᠷ ᠲᠠᠭᠠᠷᠠᠭᠤᠯᠬᠤ᠂ ᠠᠪᠤᠷᠭᠤ ᠣᠳᠣᠳ ᠢ ᠭᠡᠷᠡᠯᠲᠦᠭᠦᠯᠬᠦ᠂ ᠵᠡᠭᠦᠦ ᠰᠦᠪᠡᠯᠡᠬᠦ᠂ ᠤᠨᠢᠰᠤᠭ᠎ᠠ ᠲᠠᠭᠠᠬᠤ ᠵᠡᠷᠭᠡ ᠲᠣᠭᠯᠠᠭᠠᠮ ᠢ ᠵᠣᠬᠢᠶᠠᠨ ᠪᠠᠶᠢᠭᠤᠯᠵᠤ᠂ ᠲᠣᠭᠯᠠᠯᠲᠠ ᠳᠤ ᠣᠷᠣᠯᠴᠠᠭᠰᠠᠳ ᠲᠤ ᠤᠯᠠᠮᠵᠢᠯᠠᠯᠲᠤ ᠵᠠᠩ ᠦᠢᠯᠡ ᠶᠢ ᠤᠶᠢᠯᠠᠭᠠᠭᠤᠯᠤᠨ᠂ ᠪᠠᠶᠠᠷ ᠪᠠᠶᠠᠰᠬᠤᠯᠠᠩᠲᠠᠢ ᠠᠭᠤᠷ ᠠᠮᠢᠰᠬᠤᠯ ᠤᠨ ᠳᠤᠮᠳᠠ ︽ᠳᠣᠯᠣᠭᠠᠨ ᠰᠠᠷ᠎ᠠ ᠶᠢᠨ ᠳᠣᠯᠣᠭᠠᠨ ᠤ ᠡᠳᠦᠷ︾ ᠤᠨ ᠰᠠᠶᠢᠨ ᠰᠠᠶᠢᠬᠠᠨ ᠶᠣᠭᠲᠠ ᠤᠳᠬ᠎ᠠ ᠶᠢ ᠮᠡᠳᠡᠷᠡᠭᠦᠯᠦᠭᠰᠡᠨ ᠪᠠᠶᠢᠨ᠎ᠠ᠃    ᠡᠵᠡᠨ᠎ᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠯᠢᠦ ᠰᠢᠶᠣᠣ᠄ ︽ᠳᠠᠷᠠᠭᠠᠴᠢ ᠶᠢᠨ ᠠᠯᠬᠤᠮ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠢᠶᠠᠨ ᠪᠤᠯᠭᠠᠵᠤ᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠳᠠᠶᠢᠴᠢᠯᠠᠨ᠂ ᠤᠯᠠᠨ ᠲᠦᠮᠡᠨ ᠤ ᠳᠤᠷ᠎ᠠ ᠲᠠᠢ᠂ ᠬᠠᠨᠤᠮᠵᠢᠲᠠᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ︾ ᠭᠡᠪᠡ᠃    ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢᠨ ᠠᠷᠭ᠎ᠠ ᠵᠠᠮ ᠢ ᠥᠷᠭᠡᠳᠬᠡᠵᠦ᠂ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠲᠠ᠂ 8 ᠰᠠᠷ᠎ᠠ ᠶᠢᠨ 10 ᠤ ᠡᠳᠦᠷ᠂ ᠳ᠋ᠦᠩᠹᠧᠩ ᠪᠠᠯᠭᠠᠰᠤᠨ ᠤ ᠳᠣᠯᠣᠭᠠᠨ ᠰᠠᠷ᠎ᠠ ᠶᠢᠨ ᠳᠣᠯᠣᠭᠠᠨ ᠤ ᠡᠳᠦᠷ ᠤᠨ ᠴᠡᠷᠢᠭ ᠠᠩᠭᠢ ᠪᠠ ᠣᠷᠣᠨ ᠨᠤᠲᠤᠭ ᠤᠨ ᠨᠥᠬᠦᠷᠯᠡᠯ ᠤᠨ ᠠᠵᠢᠯᠯᠠᠭ᠎ᠠ ᠶᠢ ᠳ᠋ᠦᠩᠹᠧᠩ ᠲᠣᠣᠷᠠᠢ ᠶᠢᠨ ᠣᠶ ᠶᠢᠨ ᠦᠵᠡᠮᠵᠢ ᠶᠢᠨ ᠣᠷᠣᠨ ᠳᠤ ᠶᠠᠪᠤᠭᠳᠠᠭᠤᠯᠪᠠ᠃    ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠯᠠᠨ ᠦᠩᠭᠡ ᠶᠢᠨ ᠬᠡᠶᠢᠲᠦ ᠪᠥᠮᠪᠦᠭᠡ᠂ ᠴᠠᠢ ᠪᠣᠭᠤᠷᠰᠤᠭ ᠪᠣᠯᠣᠨ ᠠᠶᠠᠲᠠᠶᠢᠬᠠᠨ ᠳᠠᠭᠤᠤ ᠬᠥᠭᠵᠢᠮ ᠤᠶᠠᠩᠭᠠᠷᠠᠨ᠂ ᠢᠷᠡᠭᠰᠡᠨ ᠵᠤᠴᠢᠳ ᠡᠮᠬᠢ ᠴᠡᠭᠴᠡ ᠲᠠᠢ ᠪᠠᠷ ᠭᠠᠷ ᠤᠨ ᠦᠰᠦᠭ ᠵᠢᠷᠤᠵᠤ ᠲᠠᠯᠠᠪᠠᠢ ᠳᠤ ᠣᠷᠣᠵᠠᠭᠠᠨ᠂ ᠥᠪᠡᠷ ᠥᠪᠡᠷ ᠤᠨ ᠲᠤᠰᠬᠠᠢ ᠨᠣᠮᠧᠷ ᠤᠨ ᠫᠠᠶᠢᠰᠠ ᠪᠠᠨ ᠠᠪᠴᠤ᠂ ᠨᠥᠬᠦᠷᠯᠡᠯ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ︽ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ︾᠂         ︽ᠲᠤᠭᠤᠷ ᠤᠨ ᠴᠡᠴᠡᠭ︾᠂ ︽ᠰᠡᠳᠬᠢᠯ ᠵᠢᠷᠦᠬᠡ ᠪᠠᠨ ᠬᠤᠯᠪᠣᠬᠤ︾ ᠵᠡᠷᠭᠡ ᠪᠠᠶᠠᠯᠢᠭ ᠰᠠᠶᠢᠬᠠᠨ ᠲᠣᠭᠯᠠᠭᠠᠮ ᠢᠶᠠᠷ ᠳᠠᠮᠵᠢᠨ ᠬᠠᠷᠢᠯᠴᠠᠨ ᠤᠶᠢᠯᠠᠭᠠᠯᠴᠠᠵᠤ᠂ ᠠᠬᠤᠢ ᠲᠠᠯᠠᠪᠠᠢ ᠶᠡᠷᠦ ᠪᠤᠰᠤ ᠶᠢᠨ ᠪᠠᠶᠠᠷ ᠪᠠᠶᠠᠰᠬᠤᠯᠠᠩ ᠢᠶᠠᠷ ᠪᠢᠯᠬᠠᠷᠠᠨ᠎ᠠ᠃ ᠦᠳᠡᠰᠢ ᠶᠢᠨ ᠪᠦᠷᠦᠢ ᠢᠶᠠᠷ ᠥᠩᠭᠡᠲᠦ ᠳ᠋ᠧᠩ ᠤᠨ ᠭᠡᠷᠡᠯ ᠳᠤ ︽ᠲᠦᠳᠡᠭ ᠭᠠᠯ ᠤᠨ ᠦᠳᠡᠰᠢᠯᠡᠭᠡ︾ ᠠᠬᠤᠢ ᠲᠠᠯᠠᠪᠠᠢ ᠶᠢ ᠳᠤᠯᠠᠭᠠᠴᠠᠭᠤᠯᠵᠤ᠂ ᠬᠥᠳᠡᠯᠭᠡᠭᠡᠨ ᠤ ᠠᠭᠤᠷ ᠠᠮᠢᠰᠬᠤᠯ ᠤᠷᠬᠢᠯ ᠳᠠᠭᠠᠨ ᠲᠤᠯᠵᠤ᠂ ᠢᠳᠡᠭᠡᠨ       ᠤᠮᠳᠠᠭᠠᠨ ᠤ ᠠᠩᠬᠢᠯᠤᠭᠤᠨ ᠦᠨᠦᠷ᠂ ᠢᠳᠡ ᠬᠦᠴᠦ ᠲᠠᠢ ᠵᠠᠯᠠᠭᠤᠴᠤᠳ ᠤᠨ ᠠᠵᠢᠯᠯᠠᠭ᠎ᠠ ᠲᠡᠭᠦᠰ ᠠᠮᠵᠢᠯᠲᠠᠢ ᠪᠤᠯᠪᠠ᠃    ᠤᠷᠤᠯᠴᠠᠭᠴᠢ ᠰᠢᠶᠦ᠋ᠨ ᠶᠤᠸᠠᠢ᠄ ︽ᠡᠨᠡ ᠤᠳᠠᠭᠠᠨ ᠤ ᠬᠥᠳᠡᠯᠭᠡᠭᠡᠨ ᠳᠤ ᠣᠷᠣᠯᠴᠠᠭᠰᠠᠨ ᠨᠢ ᠮᠠᠰᠢ ᠭᠤᠶᠢᠳᠠ ᠰᠠᠶᠢᠬᠠᠨ ᠰᠠᠨᠠᠭᠳᠠᠵᠤ᠂ ᠮᠠᠰᠢ ᠤᠯᠠᠨ ᠬᠦᠳᠡᠯᠭᠡᠭᠡᠨ ᠲᠣᠬᠢᠷᠠᠭᠤᠯᠵᠤ᠂ ᠪᠢᠳᠡᠨ ᠳᠤ ᠲᠤᠬᠠᠢ ᠶᠢᠨ ᠭᠠᠵᠠᠷ ᠤᠨ ᠭᠤᠶᠤ ᠰᠠᠶᠢᠬᠠᠨ ᠦᠵᠡᠮᠵᠢ ᠶᠢ ᠮᠡᠳᠡᠷᠡᠭᠦᠯᠵᠦ᠂ ᠮᠦᠨᠴᠦ ᠠᠳᠡᠬᠢ ᠬᠥᠮᠥᠰ ᠤᠨ ᠬᠠᠯᠠᠮᠰᠠᠭ ᠳᠤᠲᠤᠨᠤ ᠬᠠᠷᠢᠴᠠᠭ᠎ᠠ ᠶᠢ  ᠬᠠᠷᠠᠵᠤ ᠪᠠᠶᠢᠨ᠎ᠠ︾ ᠭᠡᠪᠡ᠃    ᠳ᠋ᠦᠩᠹᠧᠩ ᠪᠠᠯᠭᠠᠰᠤ ᠬᠤᠰᠢᠭᠤᠨ ᠤ ᠬᠤᠶᠠᠷ ᠶᠡᠭᠡ ᠴᠡᠷᠢᠭ ᠤᠨ ᠰᠠᠭᠤᠷᠢᠨ ᠭᠠᠵᠠᠷ ᠲᠤ ᠦᠢᠯᠡᠴᠢᠯᠡᠬᠦ ᠶᠢ ᠪᠠᠲᠤᠯᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠪᠠᠨ ᠰᠠᠨᠰᠠᠷ ᠤᠨ ᠠᠶᠠᠯᠠᠯ ᠤᠨ ᠦᠢᠯᠡᠰ ᠲᠤ ᠵᠤᠷᠢᠭᠤᠯᠤᠭᠰᠠᠨ︾ ᠬᠤᠶᠠᠷ ᠢ ᠬᠦᠷᠢᠶᠡᠯᠡᠭᠰᠡᠨ ᠰᠢᠯᠢᠳᠡᠭ ᠦᠢᠯᠡ ᠠᠵᠢᠯᠯᠠᠭ᠎ᠠ ᠲᠠᠢ᠂ ᠡᠨᠡ ᠤᠳᠠᠭᠠᠨ ᠤ ᠴᠡᠷᠢᠭ ᠠᠩᠭᠢ ᠪᠠ ᠣᠷᠣᠨ ᠨᠤᠲᠤᠭ ᠤᠨ ᠨᠥᠬᠦᠷᠯᠡᠯ ᠤᠨ ᠠᠵᠢᠯᠯᠠᠭ᠎ᠠ ᠨᠢ ᠴᠡᠷᠢᠭ ᠠᠩᠭᠢ ᠪᠠ ᠣᠷᠣᠨ ᠨᠤᠲᠤᠭ ᠤᠨ ᠨᠥᠬᠦᠷᠯᠡᠯ ᠤᠨ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠳᠤᠯᠤᠭᠠᠨ ᠰᠠᠷ᠎ᠠ ᠶᠢᠨ ᠳᠤᠯᠤᠭᠠᠨ ᠤ ᠪᠠᠶᠠᠷ ᠤᠨ ᠷᠣᠮᠠᠨᠲ᠋ᠢᠭ ᠰᠡᠳᠬᠢᠯᠭᠡ ᠶᠢ ᠤᠯᠠᠮᠵᠢᠯᠠᠬᠤ ᠶᠢᠨ ᠬᠠᠮᠲᠤ᠂ ᠴᠡᠷᠢᠭ ᠠᠷᠠᠳ ᠤᠨ ᠬᠤᠭᠤᠷᠣᠨᠳᠣᠬᠢ ᠣᠯᠣᠯᠴᠠᠭ᠎ᠠ ᠬᠠᠷᠢᠯᠴᠠᠭ᠎ᠠ ᠶᠢ ᠴᠢᠩᠭᠠᠳᠬᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠦᠨ᠂ ᠴᠡᠷᠢᠭ ᠠᠷᠠᠳ ᠤᠨ ᠵᠢᠭᠠᠰᠤ ᠤᠰᠤᠨ ᠤ ᠰᠠᠯᠤᠰᠢ ᠦᠭᠡᠢ ᠬᠠᠷᠢᠴᠠᠭ᠎ᠠ ᠶᠢ ᠦᠨᠡᠨᠬᠦ ᠪᠡᠶᠡᠯᠡᠭᠦᠯᠵᠡᠢ᠃    ᠳ᠋ᠦᠩᠹᠧᠩ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠵᠢᠶᠣᠣ ᠰᠢᠤᠸᠠᠨ᠄ ︽ᠪᠢᠳᠡ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠠᠮᠢ ᠠᠬᠤᠢ ᠶᠢᠨ ᠵᠤᠭᠠᠴᠠᠯ ᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠬᠠᠮᠲᠤ᠂ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠰᠠᠶᠢᠲᠤᠷ ᠤᠯᠠᠮᠵᠢᠯᠠᠨ ᠪᠠᠳᠠᠷᠠᠭᠤᠯᠤᠨ᠎ᠠ᠂ ᠬᠤᠶᠢᠰᠢᠳᠠ ᠳ᠋ᠦᠩᠹᠧᠩ ᠪᠠᠯᠭᠠᠰᠤ ᠶᠢᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠬᠠᠯᠠᠮᠵᠢᠯᠠᠨ ᠳᠡᠮᠵᠢᠵᠦ᠂ ᠬᠠᠮᠲᠤᠪᠠᠷ ᠪᠠᠶᠢᠭᠤᠯᠬᠤ ᠴᠡᠷᠢᠭ ᠠᠩᠭᠢ ᠲᠠᠢ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠴᠡᠷᠢᠭ ᠠᠩᠭᠢ ᠪᠠ ᠣᠷᠣᠨ ᠨᠤᠲᠤᠭ ᠤᠨ ᠪᠦᠯᠬᠦᠮᠳᠡᠨ ᠲᠡᠮᠡᠴᠡᠬᠦ ᠰᠢᠨ᠎ᠡ ᠬᠠᠷᠠᠯᠲᠠ ᠶᠢ ᠪᠡᠶᠡᠯᠡᠭᠦᠯᠦᠨ᠎ᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号