8 ᠰᠠᠷ᠎ᠠ ᠶᠢᠨ 5 ᠤ ᠡᠳᠦᠷ᠂ ᠡᠵᠡᠨ᠎ᠡ ᠬᠤᠰᠢᠭᠤᠨ ᠤ ᠥᠯᠡᠳᠡᠭᠳᠡᠯ ᠬᠠᠶᠠᠭᠳᠠᠮᠠᠯ ᠠᠭᠤᠷᠬᠠᠢ ᠶᠢᠨ ᠠᠮᠢ | ᠠᠬᠤᠢ ᠶᠢ ᠰᠡᠷᠭᠦᠭᠡᠨ ᠵᠠᠰᠠᠬᠤ ᠲᠦᠷᠦᠯ ᠵᠦᠢᠯ ᠤᠨ ᠳᠠᠭᠠᠭᠠᠴᠢᠯᠠᠯᠲᠠ ᠵᠢᠨᠵᠢᠱᠢᠭᠳᠡᠭᠰᠡᠳ ᠢ ᠢᠯᠡ ᠨᠡᠶᠢᠲᠡᠯᠡᠪᠡ᠃ | ᠲᠣᠰ ᠲᠥᠷᠥᠯ ᠵᠦᠢᠯ ᠢ ᠬᠤᠶᠠᠷ ᠪᠠᠷᠢᠮᠵᠢᠶᠠᠲᠤ ᠬᠡᠰᠡᠭ ᠬᠤᠪᠢᠶᠠᠵᠤ᠂ ᠲᠥᠯᠥᠪᠯᠡᠭᠡ ᠶᠢᠨ ᠠᠵᠢᠯ ᠤᠨ | ᠬᠤᠭᠤᠴᠠᠭ᠎ᠠ ᠨᠢ 82 ᠡᠳᠦᠷ ᠪᠣᠯᠤᠨ᠎ᠠ᠃ ᠢᠯᠡ ᠪᠠᠷ ᠳᠠᠭᠠᠭᠠᠴᠢᠯᠠᠯᠲᠠ ᠬᠢᠭᠰᠡᠨ ᠤ ᠳᠠᠷᠠᠭ᠎ᠠ᠂ ᠳᠠᠭᠠᠭᠠᠴᠢᠯᠠᠯᠲᠠ | ᠦᠨᠡᠯᠡᠬᠦ ᠺᠣᠮᠢᠰ ᠠᠴᠠ ᠬᠢᠨᠠᠨ ᠲᠣᠭᠲᠠᠭᠠᠵᠤ᠂ ᠵᠠᠭᠤᠴᠢᠯᠠᠭᠤᠷ ᠠᠴᠠ ᠬᠢᠨᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ | ᠨᠡᠶᠢᠲᠡᠯᠡᠬᠦ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠤᠭᠰᠠᠨ ᠤ ᠳᠠᠷᠠᠭ᠎ᠠ᠂ ᠡᠭᠦᠨ ᠳᠤ᠂ ᠲᠦᠷᠦᠯ ᠵᠦᠢᠯ ᠤᠨ ᠨᠢᠭᠡᠳᠦᠭᠡᠷ ᠬᠡᠰᠡᠭ ᠤᠨ ᠳᠠᠭᠠᠭᠠᠴᠢᠯᠠᠯᠲᠠ | ᠣᠯᠤᠭᠰᠠᠨ ᠺᠣᠮᠫᠠᠨᠢ ᠨᠢ ᠥᠪᠥᠷ ᠮᠣᠩᠭᠤᠯ ᠤᠨ ᠵᠣᠣ ᠯᠦᠩ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠬᠢᠵᠠᠭᠠᠷᠲᠤ ᠺᠣᠮᠫᠠᠨᠢ ᠪᠠᠶᠢᠵᠤ᠂ ᠳᠠᠭᠠᠭᠠᠴᠢᠯᠠᠯᠲᠠ ᠣᠯᠤᠭᠰᠠᠨ ᠦᠨ᠎ᠡ ᠨᠢ 172.291 ᠲᠦᠮᠡᠨ ᠲᠥᠭᠦᠷᠢᠭ | ᠪᠠᠶᠢᠵᠤ᠂ ᠲᠦᠷᠦᠯ ᠵᠦᠢᠯ ᠤᠨ ᠬᠤᠶᠠᠳᠤᠭᠠᠷ ᠬᠡᠰᠡᠭ ᠤᠨ ᠳᠠᠭᠠᠭᠠᠴᠢᠯᠠᠯᠲᠠ ᠣᠯᠤᠭᠰᠠᠨ ᠺᠣᠮᠫᠠᠨᠢ ᠨᠢ ᠥᠪᠥᠷ | ᠮᠣᠩᠭᠤᠯ ᠤᠨ ᠾᠧ ᠱᠦᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠪᠠᠶᠢᠵᠤ᠂ | ᠳᠠᠭᠠᠭᠠᠴᠢᠯᠠᠯᠲᠠ ᠣᠯᠤᠭᠰᠠᠨ ᠦᠨ᠎ᠡ ᠨᠢ 70.5636 ᠲᠦᠮᠡᠨ ᠲᠥᠭᠦᠷᠢᠭ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ | ᠬᠢᠨᠠᠨ ᠬᠠᠮᠢᠶᠠᠷᠬᠤ ᠲᠠᠯ᠎ᠠ ᠪᠠ ᠪᠠᠷᠢᠯᠭ᠎ᠠ ᠪᠠᠷᠢᠬᠤ ᠲᠠᠯ᠎ᠠ ᠶᠢ ᠵᠣᠬᠢᠶᠠᠨ ᠪᠠᠶᠢᠭᠤᠯᠤᠨ ᠭᠤᠷᠪᠠᠨ ᠲᠠᠯ᠎ᠠ ᠶᠢᠨ ᠶᠠᠷᠢᠯᠴᠠᠬᠤ | ᠬᠤᠷᠠᠯ ᠬᠤᠷᠠᠯᠳᠤᠭᠤᠯᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠬᠦᠷᠴᠦ ᠬᠠᠶᠢᠨ ᠪᠠᠶᠢᠴᠠᠭᠠᠵᠤ᠂ ᠲᠥᠷᠥᠯ | ᠵᠦᠢᠯ ᠢ ᠠᠯᠢ ᠲᠦᠷᠭᠡᠨ ᠢᠶᠠᠷ ᠲᠠᠯᠠᠪᠠᠶ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ |