ᠡᠵᠡᠨ᠎ᠡ ᠬᠤᠰᠢᠭᠤ 2023-2024 ᠣᠨ ᠤ ᠣᠢ ᠰᠢᠭᠤᠢ ᠶᠢᠨ ᠭᠠᠮᠰᠢᠭ ᠤᠨ ᠳᠠᠭᠠᠳᠬᠠᠯ ᠢ ᠮᠡᠳᠡᠭᠦᠯᠪᠡ
ᠨᠡᠶᠢᠲᠡᠯᠡᠭᠰᠡᠨ ᠴᠠᠭ᠄
2024/8/16
    ᠣᠶᠢᠷ᠎ᠠ ᠶᠢᠨ ᠵᠢᠯ ᠠᠴᠠ ᠨᠠᠭᠠᠰᠢ᠂ ᠭᠠᠩ ᠬᠠᠭᠰᠠᠷᠠᠭᠠᠨ ᠵᠢᠴᠢ ᠬᠡᠪ ᠤᠨ ᠪᠤᠰᠤ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ ᠬᠥᠨᠥᠭᠡᠯᠲᠦ ᠰᠢᠪᠠᠵᠢ ᠨᠢ ᠲᠤᠤᠷᠠᠶ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠨᠥᠯᠦᠭᠡᠯᠡᠭᠰᠡᠨ ᠪᠠᠶᠢᠨ᠎ᠠ᠃ ᠡᠵᠡᠨ᠎ᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤᠤᠷᠠᠶ ᠶᠢᠨ ᠣᠶ ᠰᠢᠭᠤᠶ ᠶᠢᠨ ᠣᠷᠣᠨ ᠳᠤ ᠡᠭᠦᠰᠦᠭᠰᠡᠨ ᠬᠦᠨᠦᠭᠡᠯᠲᠦ ᠰᠢᠪᠠᠵᠢ ᠶᠢᠨ ᠭᠠᠮᠰᠢᠭ ᠢ ᠬᠢᠨᠠᠨ ᠬᠡᠮᠵᠢᠵᠦ ᠪᠠᠶᠢᠴᠠᠭᠠᠭᠰᠠᠨ ᠪᠥᠭᠡᠳ ᠳᠠᠭᠠᠳᠬᠠᠯ ᠤᠨ ᠭᠠᠵᠠᠷ ᠮᠡᠳᠡᠭᠦᠯᠦᠭᠰᠡᠨ ᠪᠠᠶᠢᠨ᠎ᠠ᠃    ᠲᠣᠰ ᠤᠳᠠᠭ᠎ᠠ ᠨᠡᠶᠢᠲᠡ ᠬᠤᠷᠣᠬᠠᠶ ᠶᠢᠨ ᠭᠠᠮᠰᠢᠭ ᠤᠨ 3 ᠶᠢ ᠮᠡᠳᠡᠭᠦᠯᠵᠦ᠂ ᠰᠠᠶᠢᠬᠠᠨᠲᠤᠤᠷᠠᠶ ᠰᠤᠮᠤ ᠶᠢᠨ ᠮᠦᠩᠬᠦᠲᠦ ᠭᠠᠴᠠᠭ᠎ᠠ ᠵᠢᠴᠢ ᠳ᠋ᠦᠩ ᠹᠧᠩ ᠪᠠᠯᠭᠠᠰᠤᠨ ᠤ ᠪᠣᠷᠣ ᠠᠭᠤᠯᠠ ᠭᠠᠴᠠᠭᠠᠨ ᠤ ᠨᠡᠶᠢᠲᠡ 98 ᠬᠡᠰᠡᠭ ᠲᠤᠷᠤᠭ ᠮᠣᠳᠣᠨ ᠤ ᠭᠠᠵᠠᠷ ᠯᠤᠭ᠎ᠠ ᠬᠤᠯᠪᠣᠭᠳᠠᠵᠤ᠂ ᠭᠠᠮᠰᠢᠭᠳᠠᠭᠰᠠᠨ ᠲᠠᠯᠠᠪᠠᠶ ᠨᠢ 29491.5 ᠮᠥ᠂ ᠪᠠᠷᠤᠭᠴᠠᠭᠠᠯᠠᠭᠰᠠᠨ ᠵᠣᠭᠤᠰ ᠤᠨ ᠲᠤᠭ᠎ᠠ ᠨᠢ 238.02 ᠲᠦᠮᠡᠨ ᠲᠥᠭᠦᠷᠢᠭ ᠲᠤ ᠬᠦᠷᠴᠡᠶ᠃ ᠣᠲᠣ ᠪᠣᠯᠲᠠᠯ᠎ᠠ ᠨᠢᠭᠡᠨᠲᠡ 2023 - 2024 ᠣᠨ ᠤ 4 ᠤᠳᠠᠭᠠᠨ ᠤ ᠣᠶ ᠰᠢᠭᠤᠶ ᠶᠢᠨ ᠳᠠᠭᠠᠳᠬᠠᠯ ᠤᠨ ᠬᠡᠷᠡᠭ ᠢ ᠮᠡᠳᠡᠭᠦᠯᠵᠦ᠂ ᠡᠭᠦᠨ ᠳᠤ ᠬᠤᠯᠤᠭᠠᠨ᠎ᠠ ᠶᠢᠨ ᠬᠥᠨᠥᠭᠡᠯ 1᠂ ᠬᠤᠷᠣᠬᠠᠶ ᠶᠢᠨ ᠭᠠᠮᠰᠢᠭ 3 ᠤᠳᠠᠭ᠎ᠠ ᠪᠠᠶᠢᠵᠤ᠂ ᠨᠡᠶᠢᠲᠡ 33824.65 ᠮᠥ ᠭᠠᠵᠠᠷ ᠭᠠᠮᠰᠢᠭᠳᠠᠵᠤ᠂ ᠬᠤᠬᠢᠷᠠᠭᠰᠠᠨ ᠵᠣᠭᠤᠰ ᠤᠨ ᠲᠤᠭ᠎ᠠ 255.35 ᠲᠦᠮᠡᠨ ᠲᠥᠭᠦᠷᠢᠭ ᠲᠤ ᠬᠦᠷᠴᠡᠶ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠳᠠᠭᠠᠵᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠵᠠᠷᠴᠢᠮ ᠢ ᠪᠠᠷᠢᠮᠲᠠᠯᠠᠨ᠂ ᠪᠠᠶᠢᠭᠠᠯᠢ ᠶᠢᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠴᠢᠩᠭᠠᠳᠬᠠᠵᠤ᠂ ᠣᠶ ᠰᠢᠭᠤᠶ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ᠣᠶ ᠰᠢᠭᠤᠶ ᠶᠢᠨ ᠳᠠᠭᠠᠳᠬᠠᠯ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠬᠢᠭᠡᠳ ᠠᠵᠤ ᠠᠬᠤᠶ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号