ᠰᠢᠨᠵᠢᠶᠠᠩ ᠤᠨ ᠠᠯᠲᠠᠢ ᠲᠤᠰᠬᠠᠢ ᠣᠷᠣᠨ ᠤ ᠹᠦ᠋ ᠬᠠᠢ ᠰᠢᠶᠠᠨ ᠤ ᠠᠷᠠᠳ ᠤᠨ ᠲᠥᠯᠥᠭᠡᠯᠡᠭᠴᠢᠳ ᠪᠠᠶᠠᠨᠳᠤᠤᠷᠠᠢ ᠰᠤᠮᠤ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/16
    ᠤᠶᠢᠷ᠎ᠠ ᠶᠢᠨ ᠡᠳᠦᠷ᠂ ᠰᠢᠨᠵᠢᠶᠠᠩ ᠤᠨ ᠠᠯᠲᠠᠢ ᠲᠤᠰᠬᠠᠢ ᠣᠷᠣᠨ ᠤ ᠹᠦ᠋ ᠬᠠᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠴᠧᠨ ᠵᠢᠶᠦ᠋ᠨ ᠮᠢᠨ ᠹᠦ᠋ ᠬᠠᠢ ᠰᠢᠶᠠᠨ ᠤ ᠠᠷᠠᠳ ᠤᠨ ᠲᠥᠯᠥᠭᠡᠯᠡᠭᠴᠢᠳ ᠢ ᠳᠠᠭᠠᠭᠤᠯᠤᠨ ᠪᠠᠶᠠᠨᠳᠤᠤᠷᠠᠢ ᠰᠤᠮᠤ   ᠳᠤ ᠭᠦᠨᠵᠡᠭᠡᠶᠢᠷᠡᠨ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠬᠤ᠂ ᠭᠤᠣᠯᠳᠠᠯᠭ᠎ᠠ ᠲᠠᠢ ᠠᠵᠤ ᠦᠢᠯᠡᠰ ᠢ ᠴᠢᠨᠠᠷ ᠰᠠᠶᠢᠲᠠᠢ ᠬᠥᠭᠵᠢᠭᠦᠯᠬᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠺᠠᠩ ᠳ᠋ᠦᠩ᠂ ᠰᠤᠮᠤᠨ ᠤ ᠭᠤᠣᠯ ᠤᠳᠤᠷᠢᠳᠤᠯᠭ᠎ᠠ ᠪᠠᠷ᠎ᠠ  ᠪᠣᠯᠵᠤ ᠪᠠᠶᠢᠴᠠᠭᠠᠨ ᠰᠤᠳᠤᠯᠤᠯᠲᠠ ᠳᠤ ᠤᠷᠤᠯᠴᠠᠪᠠ ᠃    ᠹᠦ᠋ ᠬᠠᠢ ᠰᠢᠶᠠᠨ ᠤ ᠠᠷᠠᠳ ᠤᠨ ᠲᠥᠯᠥᠭᠡᠯᠡᠭᠴᠢᠳ ᠤᠷᠢᠳ ᠬᠤᠵᠢᠳ ᠤᠡᠭᠭᠤᠴᠠ ᠶᠢᠨ ᠲᠤᠤᠷᠠᠢ ᠭᠠᠴᠠᠭ᠎ᠠ ᠪᠣᠯᠣᠨ ᠵᠢᠷᠭᠠᠯᠠᠩᠳᠤ ᠭᠠᠴᠠᠭ᠎ᠠ ᠳᠤ ᠭᠦᠨᠵᠡᠭᠡᠶᠢᠷᠡᠵᠦ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠲᠠᠷᠢᠶᠠᠯᠠᠩ  ᠤᠨ ᠵᠠᠩ ᠤᠶᠢᠯᠠ ᠤᠨ ᠵᠡᠭᠡᠯᠢ᠂ ᠦᠨᠳᠦᠰᠦᠲᠡᠨ ᠤ ᠪᠦᠯᠬᠦᠮᠳᠡᠯ ᠤᠯᠤᠰ ᠢᠶᠠᠨ ᠬᠠᠶᠢᠷᠠᠯᠠᠬᠤ ᠦᠵᠡᠭᠦᠯᠦᠯᠭᠡ ᠶᠢᠨ ᠲᠢᠩᠬᠢᠮ᠂ ᠲᠣᠷᠭᠤᠳ ᠤᠨ ᠵᠠᠩ ᠦᠢᠯᠡ ᠶᠢᠨ ᠰᠣᠶᠣᠯ ᠤᠨ ᠬᠦᠷᠢᠶᠡᠯᠡᠩ ᠵᠡᠷᠭᠡ ᠭᠠᠵᠠᠷ ᠢᠶᠠᠷ ᠪᠠᠶᠢᠴᠠᠭᠠᠨ ᠦᠵᠡᠵᠦ᠂ ᠲᠠᠶᠢᠯᠤᠮᠵᠢ ᠶᠢ ᠰᠣᠨᠣᠰᠬᠤ᠂ ᠤᠬᠠᠭᠤᠯᠭ᠎ᠠ ᠶᠢᠨ ᠹᠢᠯᠢᠮ ᠢ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠤᠮᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ᠂ ᠦᠨᠳᠦᠰᠦᠨ ᠱᠠᠲᠤᠨ ᠤ ᠨᠡᠶᠢᠭᠡᠮ ᠢ ᠵᠠᠰᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    《ᠲᠣᠣᠷᠠᠢ ᠶᠢᠨ ᠮᠣᠳᠣᠨ ᠳᠣᠣᠷᠠᠬᠢ ᠤᠨᠤᠯ ᠤᠨ ᠤᠬᠠᠭᠤᠯᠤᠨ ᠲᠠᠶᠢᠯᠪᠤᠷᠢᠯᠠᠯᠲᠠ》ᠭᠡᠬᠦ ᠣᠨᠴᠠᠯᠢᠭᠲᠤ ᠬᠢᠴᠢᠶᠡᠯ ᠤᠨ ᠲᠠᠩᠬᠢᠮ ᠳᠤ ᠂ ᠬᠤᠶᠠᠷ ᠲᠠᠯ᠎ᠠ ᠶᠢᠨ ᠠᠷᠠᠳ ᠤᠨ ᠲᠥᠯᠥᠭᠡᠯᠡᠭᠴᠢᠳ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠬᠢᠨ ᠠᠬᠢᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠣᠯᠠᠨ ᠢᠶᠠᠷ ᠢᠶᠠᠨ᠄ ᠲᠤᠰ ᠤᠳᠠᠭᠠᠨ ᠤ ᠪᠠᠶᠢᠴᠠᠭᠠᠨ ᠰᠤᠷᠤᠯᠴᠠᠯᠭ᠎ᠠ ᠪᠣᠯ ᠨᠢᠭᠡ ᠤᠳᠠᠭᠠᠨ ᠤ ᠬᠠᠷᠠᠭ᠎ᠠ ᠪᠠᠨ ᠥᠷᠭᠡᠳᠬᠡᠵᠦ᠂ ᠬᠠᠷᠢᠯᠴᠠᠨ ᠠᠬᠢᠭᠤᠯᠵᠤ ᠬᠠᠷᠢᠯᠴᠠᠨ ᠲᠣᠯᠢᠯᠠᠬᠤ ᠶᠢᠨ ᠠᠮᠵᠢᠯᠲᠠ ᠣᠯᠣᠭᠰᠠᠨ ᠠᠶᠠᠯᠠᠯ ᠮᠥᠨ᠂ ᠨᠡᠩ ᠴᠤ ᠲᠡᠮᠡᠴᠡᠯ ᠤᠨ ᠵᠣᠷᠢᠭ ᠢ ᠬᠥᠪᠴᠢᠯᠡᠬᠦ ᠂ ᠢᠲᠡᠭᠡᠯ ᠵᠣᠷᠢᠭ ᠢ ᠪᠠᠲᠤᠳᠬᠠᠬᠤ ᠡᠷᠴᠢ ᠵᠣᠷᠢᠭ ᠢ ᠬᠥᠪᠴᠢᠯᠡᠬᠦ ᠠᠶᠠᠯᠠᠯ ᠪᠣᠯᠣᠨ᠎ᠠ ᠂ ᠬᠤᠶᠠᠷ ᠲᠠᠯ᠎ᠠ ᠶᠢᠨ ᠠᠷᠠᠳ ᠤᠨ ᠲᠥᠯᠥᠭᠡᠯᠡᠭᠴᠢᠳ ᠲᠤᠰ ᠤᠳᠠᠭ᠎ᠠ ᠶᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ ᠂ ᠬᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ ᠂ ᠰᠡᠳᠬᠢᠴᠡ ᠪᠠᠨ ᠰᠢᠨᠡᠴᠢᠯᠡᠵᠦ ᠂ ᠠᠵᠢᠯ ᠢᠶᠠᠨ ᠰᠠᠶᠢᠵᠢᠷᠠᠭᠤᠯᠵᠤ ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠪᠣᠯᠣᠨ᠎ᠠ ᠃    ᠳᠠᠷᠠᠭᠠᠴᠢ ᠶᠢᠨ ᠠᠯᠬᠤᠮ ᠳᠤ ᠂ ᠪᠠᠶᠠᠨᠳᠤᠤᠷᠠᠢ ᠰᠤᠮᠤ ᠶᠢᠨ ᠬᠢᠨ ᠤᠶᠢᠷ᠎ᠠ  ᠤᠷᠴᠢᠮ  ᠤᠨ ᠭᠠᠵᠠᠷ ᠣᠷᠣᠨ  ᠲᠠᠢ  ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠳᠤᠲᠠᠭᠤᠳᠠᠯ ᠢᠶᠠᠨ ᠨᠥᠬᠦᠪᠦᠷᠢᠯᠡᠵᠦ ᠂ ᠪᠠᠭᠤᠷᠠᠢ ᠲᠠᠯ᠎ᠠ ᠪᠠᠨ ᠬᠦᠴᠦᠷᠬᠡᠭᠵᠢᠬᠦᠯᠦᠨ᠂ ᠬᠠᠷᠢᠯᠴᠠᠨ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠪᠣᠯᠭᠠᠵᠤ ᠂ ᠰᠤᠮᠤ ᠶᠢᠨ ᠡᠯ᠎ᠡ ᠲᠦᠷᠦᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠃ 
 
ᠢᠷᠡᠯᠲᠡ᠄ ᠪᠠᠶᠠᠨᠳᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号