ᠮᠠᠨ ᠤ ᠬᠤᠰᠢᠭᠤᠨ ᠤ ᠰᠤᠪᠨᠠᠭᠤᠷ ᠨᠡᠢᠭᠡᠮ ᠲᠣᠭᠤᠷᠢᠭ ᠤᠨ ︽ᠱᠦᠵᠢ ᠲᠠᠢ ᠳᠣᠳᠣᠨᠣᠰᠤᠭ ᠢᠶᠠᠷ ᠶᠠᠷᠢᠯᠴᠠᠬᠤ︾ | ᠠᠵᠢᠯᠯᠠᠭ᠎ᠠ ᠨᠢ ᠶᠠᠭ ᠨᠡᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠭᠠᠷᠳᠠᠴᠠ ᠪᠣᠯᠵᠤ᠂ ᠰᠢᠢᠳᠪᠦᠷᠢᠯᠡᠵᠦ ᠪᠣᠯᠬᠤ | ᠠᠰᠠᠭᠤᠳᠠᠯ ᠢ ᠰᠢᠭᠤᠳ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠦᠭᠡᠢ | ᠠᠰᠠᠭᠤᠳᠠᠯ ᠢ ᠨᠢ ᠨᠡᠶᠢᠭᠡᠮ ᠲᠣᠭᠤᠷᠢᠭ ᠠᠴᠠ ᠦᠷᠭᠦᠯᠵᠢᠯᠡᠨ ᠳᠠᠭᠠᠵᠤ ᠬᠠᠷᠢᠭᠤ ᠲᠤᠰᠬᠠᠵᠤ᠂ ᠶᠠᠪᠤᠳᠠᠯ ᠪᠦᠬᠦᠨ ᠳᠤ | ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠳᠣᠯᠠᠭᠰᠠᠨ ᠠᠴᠠ | ᠵᠠᠰᠠᠯᠲᠠ ᠶᠢᠨ ᠬᠠᠮᠤᠷᠬᠤ ᠬᠥᠮᠦᠰ ᠤᠯᠠᠮ ᠠᠴᠠ ᠤᠯᠠᠮ ᠥᠷᠭᠡᠨ ᠪᠣᠯᠵᠤ᠂ ᠣᠲᠣ ᠨᠢᠭᠡᠨᠲᠡ ᠰᠠᠭᠤᠭᠠᠯᠢ ᠠᠷᠠᠳ ᠤᠨ | ᠮᠠᠭᠲᠠᠭᠠᠯ ᠰᠠᠶᠢᠰᠢᠶᠠᠯ ᠢ ᠣᠯᠤᠭᠰᠠᠨ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠤᠭᠰᠠᠨ ᠪᠠᠶᠢᠨ᠎ᠠ᠃ | ᠰᠤᠪᠨᠠᠭᠤᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠢᠦᠢ ᠥᠷᠭᠡᠵᠢᠭᠰᠡᠨ ᠵᠠᠮ ᠤᠨ ᠭᠠᠳᠠᠷᠭᠤ ᠶᠢ | ᠥᠵᠡᠭᠡᠳ ᠰᠡᠳᠬᠢᠯ ᠳᠣᠭᠳᠣᠯᠤᠨ ᠶᠡᠷᠢᠨ᠎ᠡ᠃ ᠤᠤᠯ ᠨᠢ ᠮᠧᠢ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ | ᠡᠭᠦᠳᠡᠨ ᠳᠤ ᠵᠥᠪᠬᠡᠨ ᠨᠢᠭᠡᠨ ᠢᠪᠴᠤᠤ ᠮᠠᠰᠢᠨ ᠲᠡᠷᠭᠡᠨ ᠤ ᠵᠠᠮ ᠪᠠᠢᠵᠤ᠂ ᠡᠩ ᠤᠨ ᠣᠢᠶ᠎ᠠ ᠳᠤ ᠨᠠᠰᠢ ᠴᠠᠰᠢ ᠪᠠᠨ | ᠮᠠᠰᠢᠨ ᠥᠩᠭᠡᠷᠡᠬᠦ ᠳᠤ ᠳᠦᠬᠦᠮ ᠦᠬᠡᠢ ᠪᠠᠶᠢᠭᠰᠠᠨ᠃ ᠡᠭᠦᠨ ᠤ ᠳᠡᠭᠡᠷ᠎ᠡ ᠨᠢ ᠪᠠᠰᠠ ᠨᠢᠭᠡ ᠬᠡᠦᠬᠡᠳ ᠤᠨ ᠴᠡᠴᠡᠷᠯᠢᠭ | ᠪᠠᠢᠨ᠎ᠠ᠂ ᠣᠷᠭᠢᠯ ᠤᠨ ᠬᠤᠭᠤᠴᠠᠭᠠᠨ ᠳᠤ᠂ ᠦᠷᠭᠦᠯᠵᠢ ᠲᠦᠭᠵᠢᠷᠡᠬᠦ ᠦᠵᠡᠭᠳᠡᠯ ᠭᠠᠷᠴᠤ᠂ ᠪᠠᠰᠠ ᠵᠠᠮ | ᠬᠠᠷᠢᠯᠴᠠᠭᠠᠨ ᠤ ᠠᠳᠡᠯ ᠠᠮᠠᠷᠬᠠᠨ ᠡᠭᠦᠰᠳᠡᠭ᠃ ᠨᠡᠶᠢᠭᠡᠮ ᠲᠣᠭᠤᠷᠢᠭ ᠤᠨ ︿ᠱᠦᠵᠢ ᠲᠠᠢ ᠳᠣᠳᠣᠨᠣᠰᠤᠭ ᠢᠶᠠᠷ | ᠶᠠᠷᠢᠯᠴᠠᠬᠤ︾ ᠠᠵᠢᠯᠯᠠᠭ᠎ᠠ ᠳᠤ ᠵᠠᠩ ᠢᠦᠢ ᠡᠨᠡᠬᠦ ᠭᠤᠮᠣᠳᠠᠯ ᠱᠠᠭᠠᠷᠳᠠᠯᠭ᠎ᠠ ᠪᠠᠨ ᠳᠤᠷᠠᠳᠴᠦ᠂ ᠪᠠᠯᠭᠠᠰᠤᠨ ᠤ | ᠨᠠᠮ ᠤᠨ ᠬᠤᠷᠢᠶᠠᠨ ᠤ ᠬᠠᠷᠢᠭᠤᠴᠠᠯᠭᠠᠲᠠᠨ ᠲᠡᠭᠦᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠠᠯᠢ | ᠲᠦᠷᠭᠡᠨ ᠢᠶᠠᠷ ᠲᠥᠰᠦᠯ ᠭᠠᠷᠭᠠᠨ᠂ ᠵᠠᠮ ᠤᠨ ᠭᠠᠳᠠᠷᠭᠤ ᠶᠢ ᠥᠷᠭᠡᠳᠬᠡᠨ ᠪᠠᠶᠢᠭᠤᠯᠤᠨ᠎ᠠ ᠭᠡᠵᠦ ᠢᠯᠡᠳᠬᠡᠪᠡ᠃ | ︽ᠱᠦᠵᠢ ᠲᠠᠢ ᠳᠣᠳᠣᠨᠣᠰᠤᠭ ᠢᠶᠠᠷ ᠶᠠᠷᠢᠯᠴᠠᠬᠤ︾ ᠠᠵᠢᠯ ᠤᠨ ᠠᠬᠢᠭᠤᠯᠤᠯ ᠳᠣᠣᠷ᠎ᠠ᠂ ᠳᠠᠯᠠᠶᠢᠬᠦ᠋ᠪ | ᠪᠠᠯᠭᠠᠰᠤᠨ ᠤ ᠨᠠᠮ ᠤᠨ ᠬᠤᠷᠢᠶ᠎ᠠ᠂ ᠰᠣᠪᠨᠠᠭᠤᠷ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠢᠮᠠᠭᠲᠠ | ︽ᠬᠥᠮᠦᠨ ᠢᠶᠠᠷ ᠦᠨᠳᠦᠰᠦ ᠪᠣᠯᠭᠠᠵᠤ᠂ ᠣᠯᠠᠨ ᠲᠦᠮᠡᠨ ᠳᠤ ᠦᠢᠯᠡᠴᠢᠯᠡᠬᠦ︾ ᠵᠣᠷᠢᠯᠲᠠ ᠶᠢ ᠪᠠᠷᠢᠮᠲᠠᠯᠠᠵᠤ᠂ | ᠨᠡᠶᠢᠭᠡᠮ ᠲᠣᠭᠤᠷᠢᠭ ᠤᠨ ᠵᠠᠮ ᠤᠨ ᠭᠠᠳᠠᠷᠭᠤ ᠢ ᠥᠷᠭᠡᠳᠬᠡᠬᠦ ᠢᠨᠵᠧᠨᠧᠷᠢᠩ ᠤᠨ ᠠᠬᠢᠴᠠ ᠪᠠ ᠶᠠᠰᠤ ᠴᠢᠨᠠᠷ ᠢ | ᠨᠢᠭᠲᠠ ᠠᠩᠬᠠᠷᠴᠦ᠂ ᠲᠡᠳᠡ ᠪᠠᠷᠢᠯᠭ᠎ᠠ ᠶᠢᠨ ᠨᠢᠭᠡᠴᠡ ᠶᠢ ᠲᠥᠯᠥᠪᠵᠢᠭᠦᠯᠭᠡ ᠶᠢ ᠴᠢᠩᠭ᠎ᠠ ᠵᠢᠷᠤᠮᠯᠠᠨ ᠭᠡᠷᠡᠭᠵᠢᠬᠦᠯᠵᠦ᠂ | ᠵᠠᠮ ᠤᠨ ᠭᠠᠳᠠᠷᠭᠤ ᠶᠢ ᠥᠷᠭᠡᠳᠬᠡᠭᠰᠡᠨ ᠤ ᠳᠠᠷᠠᠭᠠᠬᠢ ᠠᠮᠤᠷ ᠲᠦᠪᠰᠢᠨ ᠪᠣᠯᠤᠨ ᠬᠡᠷᠡᠭᠯᠡᠭᠡᠨ ᠤ ᠴᠢᠨᠠᠷ ᠢ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ ᠰᠢᠨ᠎ᠡ ᠪᠠᠷ ᠥᠷᠭᠡᠳᠬᠡᠭᠰᠡᠨ ᠵᠠᠮ ᠤᠨ ᠭᠠᠳᠠᠷᠭᠤ ᠶᠢᠨ ᠣᠷᠳᠣ ᠨᠢ 300 ᠭᠠᠷᠤᠶ | ᠮᠧᠲᠷ᠂ ᠣᠲᠣ ᠨᠢᠭᠡᠨᠲᠡ ᠵᠠᠮ ᠤᠨ ᠭᠠᠳᠠᠷᠭᠤ ᠶᠢ ᠪᠦᠬᠦᠨ ᠢ ᠳᠡᠪᠢᠰᠴᠦ ᠳᠠᠭᠤᠰᠬᠠᠪᠠ᠃ | ᠰᠠᠭᠤᠭᠠᠯᠢ ᠠᠷᠠᠳ ᠵᠠᠩ ᠢᠦᠶ᠄ ︽ᠣᠳᠣ ᠪᠢᠳᠡ ᠮᠧᠶ ᠶᠤᠸᠠᠨ ᠰᠠᠭᠤᠭᠠᠯᠢ ᠲᠣᠭᠤᠷᠢᠭ᠂ ᠬᠡᠤᠬᠡᠳ ᠤᠨ | ᠴᠡᠴᠡᠷᠯᠢᠭ ᠤᠨ ᠡᠭᠦᠳᠡ ᠪᠠᠷ ᠣᠷᠣᠵᠤ ᠭᠠᠷᠬᠤ ᠳᠤ ᠪᠠᠨ ᠡᠨᠡ ᠵᠠᠮ ᠢ ᠪᠦᠷ ᠵᠠᠰᠠᠵᠤ ᠳᠠᠭᠤᠰᠤᠭᠰᠠᠨ ᠢ ᠦᠵᠡᠭᠡᠳ | ᠶᠡᠭᠡ ᠪᠠᠶᠠᠷᠲᠠᠢ ᠪᠠᠶᠢᠨ᠎ᠠ᠃ ᠮᠠᠨ ᠤ ᠶᠠᠪᠤᠵᠤ ᠰᠠᠭᠤᠬᠤ ᠳᠤ ᠴᠦ ᠲᠥᠬᠦᠮ ᠪᠣᠯᠵᠤ᠂ ᠮᠠᠰᠢ ᠣᠯᠠᠨ ᠠᠮᠤᠷ | ᠲᠦᠪᠰᠢᠨ ᠤ ᠳᠠᠯᠳᠠ ᠬᠡᠮ ᠢ ᠠᠷᠢᠯᠭᠠᠭᠰᠠᠨ ᠪᠠᠶᠢᠨ᠎ᠠ︾ ᠭᠡᠵᠦ ᠪᠠᠶᠢᠯ᠎ᠠ᠃ | ︽ᠱᠦᠵᠢ ᠲᠠᠢ ᠳᠣᠳᠣᠨᠣᠰᠤᠭ ᠢᠶᠠᠷ ᠶᠠᠷᠢᠯᠴᠠᠬᠤ︾ ᠠᠵᠢᠯᠯᠠᠭ᠎ᠠ ᠨᠢ ᠠᠷᠠᠳ ᠤᠨ ᠲᠥᠯᠥᠭᠡ ᠬᠦᠴᠢᠷᠲᠡᠯ ᠢ | ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠶᠡᠭᠡ ᠶᠠᠪᠤᠳᠠᠯ | ᠪᠠᠭ᠎ᠠ ᠪᠠᠶᠢᠳᠠᠯ ᠳᠤ ᠠᠩᠬᠠᠷᠤᠯ ᠢᠶᠠᠨ ᠳᠥᠪᠯᠡᠷᠡᠬᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ | ᠰᠠᠨᠠᠭᠤᠯᠭ᠎ᠠ ᠶᠢ ᠰᠣᠨᠣᠰᠴᠤ᠂ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠠᠷᠠᠳ ᠤᠨ | ᠪᠠᠶᠢᠳᠠᠯ ᠤᠨ ᠪᠠᠭ᠎ᠠ ᠶᠠᠪᠤᠳᠠᠯ ᠢ ᠲᠦᠷᠭᠡᠬᠡᠨ ᠰᠢᠢᠳᠪᠦᠷᠢᠯᠡᠬᠦ ᠶᠢ ᠳᠥᠯᠭᠢᠨ ᠠᠬᠢᠭᠤᠯᠪᠠ᠃ ᠬᠡᠷᠡᠭᠴᠡᠭᠡ ᠶᠢ | ᠠᠰᠠᠭᠤᠬᠤ᠂ ᠠᠷᠭ᠎ᠠ ᠪᠤᠳᠤᠯᠭ᠎ᠠ ᠶᠢ ᠠᠰᠠᠭᠤᠬᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠬᠤ ᠪᠠᠷ | ᠳᠠᠮᠵᠢᠭᠤᠯᠤᠨ᠂ ᠠᠩᠬᠠᠷᠴᠤ ᠬᠠᠯᠠᠮᠵᠢᠯᠠᠬᠤ ᠶᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠳᠤ | ᠠᠭᠤᠰᠤᠯᠴᠠᠭᠤᠯᠵᠤ ᠰᠤᠪᠨᠠᠭᠤᠷ ᠨᠡᠶᠢᠭᠡᠮ ᠲᠣᠭᠤᠷᠢᠭ ᠤᠨ ︽ᠱᠦᠵᠢ ᠲᠠᠢ ᠳᠣᠳᠣᠨᠣᠰᠤᠭ ᠢᠶᠠᠷ ᠶᠠᠷᠢᠯᠴᠠᠬᠤ︾ | ᠠᠵᠢᠯᠯᠠᠭ᠎ᠠ ᠶᠢᠨ ᠲᠠᠪᠴᠠᠩ ᠢ ᠢᠳᠡᠪᠬᠢᠲᠡᠢ ᠰᠠᠶᠢᠲᠤᠷ ᠪᠣᠢ ᠪᠣᠯᠭᠠᠪᠠ᠃ | ᠳᠠᠯᠠᠶᠢᠬᠦ᠋ᠪ ᠪᠠᠯᠭᠠᠰᠤᠨ ᠤ ᠰᠤᠪᠨᠠᠭᠤᠷ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠡᠷᠬᠢᠯᠡᠭᠴᠢ ᠵᠤᠤ | ᠶᠦᠩ ᠵᠢᠶᠧ᠄ ︽ᠱᠦᠵᠢ ᠲᠠᠢ ᠳᠣᠳᠣᠨᠣᠰᠤᠭ ᠢᠶᠠᠷ ᠶᠠᠷᠢᠯᠴᠠᠬᠤ ᠠᠵᠢᠯᠯᠠᠭ᠎ᠠ ᠪᠠᠷ ᠳᠠᠮᠵᠢᠨ᠂ ᠪᠢᠳᠡ ᠴᠤᠭᠯᠠᠭᠤᠯᠵᠤ | ᠣᠯᠤᠭᠰᠠᠨ ᠠᠰᠠᠭᠤᠳᠠᠯ ᠨᠢᠭᠡᠪᠦᠷᠢ ᠶᠢ ᠢᠯᠡᠬᠦᠭᠡᠨ ᠠᠩᠬᠠᠷᠴᠦ᠂ ᠮᠠᠨ ᠤ ᠠᠷᠠᠳ ᠢᠷᠭᠡᠳ ᠢ ᠬᠠᠪᠰᠤᠷᠤᠨ | ᠠᠰᠠᠭᠤᠳᠠᠯ ᠢ ᠨᠢ ᠰᠢᠢᠳᠪᠦᠷᠢᠯᠡᠵᠦ ᠥᠭᠳᠡᠭ᠃ᠱᠦᠵᠢ ᠲᠠᠢ ᠳᠣᠳᠣᠨᠣᠰᠤᠭ ᠢᠶᠠᠷ ᠶᠠᠷᠢᠯᠴᠠᠬᠤ ᠠᠵᠢᠯᠯᠠᠭ᠎ᠠ ᠨᠢ | ᠦᠨᠡᠬᠡᠷ ᠠᠷᠠᠳ ᠤᠨ ᠪᠠᠶᠢᠳᠠᠯ ᠢ ᠪᠠᠶᠢᠴᠠᠭᠠᠵᠤ᠂ ᠠᠷᠠᠳ ᠤᠨ ᠣᠶᠤᠨ ᠤᠬᠠᠭᠠᠨ ᠢ ᠳᠥᠪᠯᠡᠷᠡᠬᠦᠯᠦᠨ᠂ ᠠᠷᠠᠳ ᠤᠨ | ᠵᠣᠪᠠᠨᠢᠯ ᠢ ᠠᠷᠢᠯᠭᠠᠬᠤ ᠨᠢᠭᠡᠨ ᠠᠴᠢᠶᠠᠯᠠᠪᠤᠷᠢ ᠪᠣᠯᠤᠨ᠎ᠠ᠃ ᠣᠳᠣᠬᠠᠨ ᠪᠣᠯᠲᠠᠯ᠎ᠠ᠂ ᠪᠢᠳᠡ 33 ᠵᠤᠷᠪᠤᠰ | ᠠᠰᠠᠭᠤᠳᠠᠯ ᠢ ᠴᠤᠭᠯᠠᠭᠤᠯᠵᠤ᠂ 32 ᠵᠤᠷᠪᠤᠰ ᠠᠰᠠᠭᠤᠳᠠᠯ ᠢ ᠨᠢᠭᠡᠨᠲᠡ ᠰᠢᠢᠳᠪᠦᠷᠢᠯᠡᠵᠦ ᠳᠠᠭᠤᠰᠬᠠᠪᠠ︾ ᠭᠡᠪᠡ᠃ | ᠳᠠᠯᠠᠶᠢᠬᠦ᠋ᠪ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠪᠠᠯᠭᠠᠰᠤᠨ ᠳᠠᠷᠤᠭ᠎ᠠ ᠪᠠᠶ ᠱᠢ | ᠫᠧᠩ᠄ ︽ᠬᠤᠶᠢᠰᠢᠳᠠ᠂ ᠳᠠᠯᠠᠶᠢᠬᠦ᠋ᠪ ᠪᠠᠯᠭᠠᠰᠤ ᠨᠡᠶᠢᠭᠡᠮ ᠲᠣᠭᠤᠷᠢᠭ ᠤᠨ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ᠂ ᠲᠤᠰᠬᠠᠯ | ᠴᠢᠩᠭ᠎ᠠ ᠪᠠᠶᠢᠭ᠎ᠠ ᠠᠰᠠᠭᠤᠳᠠᠯ ᠢ ᠥᠷᠭᠡᠨ ᠢᠶᠠᠷ ᠴᠤᠭᠯᠠᠭᠤᠯᠵᠤ᠂ ᠦᠨᠡᠨ ᠰᠡᠳᠬᠢᠯ ᠠᠴᠠ ᠪᠠᠨ ᠣᠯᠠᠨ ᠲᠦᠮᠡᠨ ᠳᠤ | ᠪᠣᠳᠠᠲᠤ ᠶᠠᠪᠤᠳᠠᠯ ᠬᠢᠵᠦ᠂ ᠣᠯᠠᠨ ᠲᠦᠮᠡᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ | ᠦᠨᠡᠨ ᠬᠦ ᠨᠡᠮᠡᠭᠳᠡᠭᠦᠯᠦᠨ᠎ᠡ︾ ᠭᠡᠪᠡ᠃ | | | |