ᠤᠯᠤᠰ ᠤᠨ ᠵᠠᠰᠠᠮᠠᠯ ᠵᠠᠮ ᠤᠨ 213 ᠱᠤᠭᠤᠮ ᠤᠨ ᠳ᠋ᠦᠩᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠰᠢᠨ᠎ᠡ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2024/8/19
      ᠲᠦᠷᠦᠭᠦᠬᠡᠨ᠂ ᠤᠯᠤᠰ ᠤᠨ ᠵᠠᠮ ᠤᠨ 213 ᠱᠤᠭᠤᠮ ᠤᠨ ᠳ᠋ᠦᠩᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠭᠤᠣᠯ ᠱᠤᠭᠤᠮ ᠤᠨ ᠡᠯ᠎ᠡ ᠵᠠᠮ ᠤᠨ ᠬᠡᠰᠡᠭ ᠤᠨ ᠵᠠᠮ ᠤᠨ  ᠰᠠᠭᠤᠷᠢ ᠶᠢᠨ ᠦᠨᠳᠦᠰᠦᠨ ᠱᠠᠲᠤᠨ ᠤ ᠲᠤᠷᠰᠢᠯᠲᠠ ᠶᠢᠨ ᠬᠡᠰᠡᠭ ᠢ ᠴᠥᠮ ᠳᠡᠪᠢᠰᠴᠦ ᠳᠠᠭᠤᠰᠬᠠᠭᠠᠳ᠂ ᠲᠣᠰ ᠭᠤᠣᠯ ᠱᠤᠭᠤᠮ ᠢ ᠵᠢᠩᠬᠢᠨᠢ ᠪᠠᠷ ᠵᠠᠮ ᠤᠨ ᠨᠢᠭᠤᠷ ᠤᠨ ᠪᠠᠷᠢᠯᠭ᠎ᠠ ᠶᠢᠨ ᠱᠠᠲᠤᠨ ᠳᠤ ᠣᠷᠣᠭᠤᠯᠤᠭᠰᠠᠨ ᠪᠠᠶᠢᠨ᠎ᠠ᠃      ᠤᠯᠤᠰ ᠤᠨ ᠵᠠᠮ ᠤᠨ 213 ᠱᠤᠭᠤᠮ ᠤᠨ ᠳ᠋ᠦᠩᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠬᠦᠷᠬᠦ ᠬᠡᠰᠡᠭ ᠤᠨ ᠵᠠᠰᠠᠮᠠᠯ ᠵᠠᠮ ᠪᠣᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ ᠥᠪᠥᠷ ᠮᠣᠩᠭᠤᠯ᠂ ᠭᠠᠨᠰᠤ ᠬᠤᠶᠠᠷ ᠲᠠᠯ᠎ᠠ ᠶᠢᠨ ᠬᠤᠭᠤᠷᠣᠨᠳᠣᠬᠢ ᠠᠵᠤ ᠠᠬᠤᠢ ᠰᠣᠶᠣᠯ ᠪᠠ ᠡᠬᠢ ᠪᠠᠶᠠᠯᠢᠭ ᠤᠨ ᠰᠣᠯᠢᠯᠴᠠᠭ᠎ᠠ ᠬᠠᠷᠢᠯᠴᠠᠭᠠᠨ ᠤ ᠴᠢᠬᠤᠯᠠ ᠵᠠᠮ ᠮᠥᠨ᠃ ᠲᠣᠰ ᠲᠥᠷᠥᠯ ᠵᠦᠢᠯ ᠨᠢ 2024 ᠣᠨ ᠤ 4 ᠰᠠᠷ᠎ᠠ ᠶᠢᠨ 2᠎ ᠤᠨ ᠡᠳᠦᠷ ᠳᠠᠭᠠᠭᠠᠴᠢᠯᠠᠯᠲᠠ ᠵᠠᠷᠯᠠᠵᠤ᠂ ᠪᠠᠷᠢᠯᠭ᠎ᠠ ᠶᠢᠨ ᠨᠢᠭᠡᠴᠡ ᠲᠠᠯᠠᠪᠠᠶ ᠳᠤ ᠣᠷᠣᠪᠠ᠃ ᠠᠵᠢᠯ ᠡᠬᠢᠯᠡᠭᠰᠡᠨ ᠠᠴᠠ ᠨᠠᠰᠢ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠣᠨ ᠤ ᠡᠭᠦᠷᠭᠡ ᠬᠠᠷᠠᠯᠲᠠ ᠶᠢᠨ ᠲᠣᠭᠤᠷᠢᠨ ᠳᠤ ᠠᠮᠤᠷ ᠲᠦᠪᠰᠢᠨ᠂ ᠶᠠᠰᠤ ᠴᠢᠨᠠᠷ ᠤᠨ ᠬᠤᠣᠰ ᠪᠠᠷᠢᠮᠵᠢᠶ᠎ᠠ ᠳᠤ ᠬᠦᠷᠦᠭᠰᠡᠨ ᠤᠷᠢᠲᠠᠯ ᠳᠣᠣᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠣᠷᠣᠯᠴᠠᠬᠤ ᠶᠢ ᠪᠠᠲᠤᠯᠠᠪᠠ᠃      ᠣᠲᠣ ᠪᠣᠯᠲᠠᠯ᠎ᠠ᠂ ᠲᠠᠯᠠᠪᠠᠶ ᠳᠤ ᠣᠷᠣᠭᠰᠠᠨ ᠬᠥᠮᠥᠨ ᠨᠡᠶᠢᠲᠡ 450᠂ ᠲᠠᠯᠠᠪᠠᠶ ᠳᠤ ᠣᠷᠣᠭᠰᠠᠨ ᠮᠠᠰᠢᠨ 200 ᠪᠠᠶᠢᠨ᠎ᠠ︔ ᠵᠠᠰᠠᠮᠠᠯ ᠵᠠᠮ ᠤᠨ ᠭᠤᠣᠯ ᠱᠤᠭᠤᠮ ᠵᠠᠮ ᠤᠨ ᠰᠠᠭᠤᠷᠢ ᠶᠢᠨ 115 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠢ ᠴᠢᠯᠠᠭᠤᠨ ᠤ ᠰᠠᠭᠤᠷᠢ ᠶᠢ ᠪᠡᠶᠡᠯᠡᠭᠦᠯᠪᠡ︔ ᠲᠦᠭᠦᠬᠡᠢ ᠡᠳ᠋ ᠮᠠᠲ᠋ᠧᠷᠢᠶᠠᠯ ᠤᠨ ᠨᠥᠭᠡᠴᠡ ᠴᠢᠯᠠᠭᠤ 30 ᠲᠦᠮᠡᠨ ᠪᠣᠰᠤᠭ᠎ᠠ ᠳᠥᠷᠪᠡᠯᠵᠢᠨ ᠮᠧᠲᠷ᠂ ᠪᠠᠷᠤᠭᠰᠢᠨ 2 ᠲᠦᠮᠡᠨ ᠲᠣᠨ ᠳᠤ ᠬᠦᠷᠦᠨ᠎ᠡ︔ ᠨᠡᠶᠢᠲᠡ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号