ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ᠄ 7 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠠᠴᠠ ᠡᠨᠡ ᠵᠢᠯ 1.6 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠪᠡᠯᠡ ᠮᠥᠩᠭᠦ ᠪᠠᠭᠤᠯᠭᠠᠵᠤ᠂ 170 ᠰᠤᠮᠤ ᠰᠢᠶᠠᠩ ᠪᠠᠯᠭᠠᠰᠤ ᠶᠢᠨ | ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ 1500 ᠲᠣᠰᠬᠤᠨ ᠤ ᠲᠠᠰ ᠤᠨ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠠᠵᠢᠯ ᠢ ᠳᠡᠮᠵᠢᠬᠦ ᠳᠤ | ᠬᠡᠷᠡᠭᠯᠡᠵᠦ᠂ 200 ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠠᠰᠠᠷᠠᠮᠵᠢ ᠶᠢᠨ ᠬᠦᠷᠢᠶᠡᠯᠡᠩ ᠤᠨ | ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠠᠵᠢᠯ ᠢ ᠲᠡᠮᠵᠢᠪᠡ᠃ ᠬᠥᠮᠥᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠠᠷᠭᠠᠴᠠᠭᠠᠨ᠂ ᠨᠠᠰᠤᠵᠢᠯ ᠤᠨ ᠦᠢᠯᠡᠴᠢᠯᠡᠭᠡᠨ ᠤ ᠴᠢᠨᠠᠷᠵᠢᠭᠤᠨ ᠰᠢᠰᠲ᠋ᠧᠮ ᠶᠢ ᠤᠯᠠᠮ ᠰᠠᠶᠢᠳᠤᠷ | ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ | ᠨᠥᠬᠦᠪᠦᠷᠢᠯᠡᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠤᠨ ᠬᠢᠨ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵︽ᠠᠷᠭ᠎ᠠ︾ | ᠭᠡᠵᠦ ᠲᠦᠬᠦᠮᠴᠢᠯᠡᠶ᠎ᠡ︶ ᠶᠢ ᠲᠣᠭᠲᠠᠭᠠᠪᠠ᠃ ︽ᠠᠷᠭ᠎ᠠ︾ ᠳᠤ ᠲᠣᠭᠲᠠᠭᠠᠭᠰᠠᠨ ᠬᠤᠰᠢᠭᠤ ᠰᠢᠶᠠᠨ ᠤ ᠱᠠᠲᠤᠨ ᠤ | ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ | ᠲᠥᠪ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠪᠠᠷᠢᠮᠵᠢᠶ᠎ᠠ ᠪᠣᠯ᠄ ᠰᠢᠨ᠎ᠡ ᠪᠠᠷ ᠪᠠᠶᠢᠭᠤᠯᠤᠭᠰᠠᠨ | ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠪᠠᠷᠢᠯᠭ᠎ᠠ ᠶᠢᠨ ᠲᠠᠯᠠᠪᠠᠶ ᠨᠢ 1500 ᠲᠡᠭᠰᠢ | ᠳᠥᠷᠪᠡᠯᠵᠢᠨ ᠮᠧᠲᠷ ︵ᠪᠠᠭᠲᠠᠨ᠎ᠠ︶ ᠠᠴᠠ ᠳᠡᠭᠡᠭᠰᠢ ᠪᠤᠯ ᠨᠢᠭᠡ ᠶᠢ ᠪᠠᠶᠢᠭᠤᠯᠵᠤ ᠳᠠᠭᠤᠰᠬᠠᠪᠠᠯ᠂ 300 ᠲᠦᠮᠡᠨ | ᠲᠥᠭᠦᠷᠢᠭ ᠨᠥᠬᠦᠪᠦᠷᠢᠯᠡᠨ᠎ᠡ᠃ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ | ᠵᠢᠱᠢᠶ᠎ᠡ ᠦᠵᠡᠭᠦᠯᠬᠦ ᠲᠥᠪ ᠤᠨ ᠪᠠᠷᠢᠯᠭ᠎ᠠ ᠶᠢᠨ ᠲᠠᠯᠠᠪᠠᠶ ᠨᠢ 1500 ᠲᠡᠭᠰᠢ ᠳᠥᠷᠪᠡᠯᠵᠢᠨ ᠮᠧᠲᠷ ︵ᠪᠠᠭᠲᠠᠨ᠎ᠠ︶ | ᠠᠴᠠ ᠳᠣᠣᠷ᠎ᠠ ᠦᠭᠡᠢ ᠪᠤᠯ ᠨᠢᠭᠡ ᠶᠢ ᠪᠠᠶᠢᠭᠤᠯᠵᠤ ᠳᠠᠭᠤᠰᠬᠠᠪᠠᠯ᠂ 150 ᠲᠦᠮᠡᠨ ᠲᠥᠭᠦᠷᠢᠭ ᠨᠥᠬᠦᠪᠦᠷᠢᠯᠡᠨ᠎ᠡ᠃ | ︽ᠠᠷᠭ᠎ᠠ︾ ᠳᠤ ᠲᠣᠭᠲᠠᠭᠠᠭᠰᠠᠨ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠪᠠᠷᠢᠮᠵᠢᠶ᠎ᠠ ᠪᠣᠯ᠄ 1000 ᠲᠡᠭᠰᠢ | ᠳᠥᠷᠪᠡᠯᠵᠢᠨ ᠮᠧᠲᠷ ︵ᠪᠤᠶᠤ ᠬᠤᠳᠠᠯᠳᠤᠨ ᠠᠪᠬᠤ ᠶᠢ ᠪᠠᠭᠲᠠᠭᠠᠨ᠎ᠠ︶ ᠨᠠᠰᠤᠵᠢᠯ ᠤᠨ ᠦᠢᠯᠡᠴᠢᠯᠡᠭᠡᠨ ᠤ ᠲᠥᠪ ᠢ | ᠰᠢᠨ᠎ᠡ ᠪᠠᠷ ᠪᠠᠶᠢᠭᠤᠯᠬᠤ ︵ᠬᠤᠳᠠᠯᠳᠤᠨ ᠠᠪᠬᠤ ᠶᠢ ᠪᠠᠭᠲᠠᠭᠠᠨ᠎ᠠ︶ ᠨᠢᠭᠡ ᠶᠢ ᠪᠠᠶᠢᠭᠤᠯᠬᠤ ᠪᠤᠶᠤ ᠬᠤᠳᠠᠯᠳᠤᠨ | ᠠᠪᠤᠪᠠᠯ 60 ᠲᠦᠮᠡᠨ ᠲᠥᠭᠦᠷᠢᠭ ᠨᠥᠬᠦᠪᠦᠷᠢᠯᠡᠨ᠎ᠡ᠃ 1000 ᠲᠡᠭᠰᠢ ᠳᠥᠷᠪᠡᠯᠵᠢᠨ ᠮᠧᠲᠷ ᠠᠴᠠ ᠳᠣᠷᠣᠭᠰᠢᠬᠢ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ︵ᠪᠤᠶᠤ ᠬᠤᠳᠠᠯᠳᠤᠨ ᠠᠪᠬᠤ ᠶᠢ | ᠪᠠᠭᠲᠠᠭᠠᠨ᠎ᠠ︶ ᠨᠢᠭᠡ ᠶᠢ ᠪᠠᠶᠢᠭᠤᠯᠬᠤ ᠪᠤᠶᠤ ᠬᠤᠳᠠᠯᠳᠤᠨ ᠠᠪᠤᠪᠠᠯ᠂ 40 ᠲᠦᠮᠡᠨ ᠲᠥᠭᠦᠷᠢᠭ ᠨᠥᠬᠦᠪᠦᠷᠢᠯᠡᠨ᠎ᠡ᠃ | 1000 ᠲᠡᠭᠰᠢ ᠳᠥᠷᠪᠡᠯᠵᠢᠨ ᠮᠧᠲᠷ ᠪᠠ ᠡᠬᠦᠨ ᠠᠴᠠ ᠳᠡᠭᠡᠭᠰᠢᠬᠢ ᠲᠠᠯᠠᠪᠠᠢ ᠪᠦᠬᠦᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ ᠨᠢᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠᠯ 40 ᠲᠦᠮᠡᠨ ᠲᠥᠭᠦᠷᠢᠭ | ᠨᠥᠬᠦᠪᠦᠷᠢᠯᠡᠨ᠎ᠡ᠃ 1000 ᠲᠡᠭᠰᠢ ᠳᠥᠷᠪᠡᠯᠵᠢᠨ ᠮᠧᠳ᠋ᠷ ᠠᠴᠠ ᠳᠣᠷᠣᠭᠰᠢᠬᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ ᠨᠢᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠᠯ᠂ 20 ᠲᠦᠮᠡᠨ ᠲᠥᠭᠦᠷᠢᠭ | ᠨᠥᠬᠦᠪᠦᠷᠢᠯᠡᠨ᠎ᠡ᠃ ︽ᠠᠷᠭ᠎ᠠ︾ ᠳᠤ ᠪᠠᠰᠨ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ | ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠴᠢᠳᠠᠮᠵᠢ ᠶᠢ ᠥᠷᠭᠡᠳᠬᠡᠬᠦ ᠨᠥᠬᠦᠪᠦᠷᠢ ᠶᠢᠨ ᠪᠠᠷᠢᠮᠵᠢᠶ᠎ᠠ ᠶᠢ᠄ | ᠠᠰᠠᠷᠠᠮᠵᠢ ᠶᠢᠨ ᠬᠦᠷᠢᠶᠡᠯᠡᠩ ᠤᠨ ᠴᠢᠳᠠᠮᠵᠢ ᠶᠢ ᠥᠷᠭᠡᠳᠬᠡᠬᠦ ᠪᠦᠷᠢ ᠳᠤ 5 ᠲᠦᠮᠡᠨ ᠲᠥᠭᠦᠷᠢᠭ ᠨᠥᠬᠦᠪᠦᠷᠢᠯᠡᠨ᠎ᠡ | ᠭᠡᠵᠤ ᠲᠤᠬᠳᠠᠭᠠᠯ᠎ᠠ᠃ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢ ᠨᠡᠮᠡᠬᠦ ᠪᠠ | ᠪᠠᠭᠤᠯᠭᠠᠬᠤ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠤᠤᠷᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ 2025 | ᠣᠨ ᠪᠣᠯᠬᠤ ᠳᠤ ᠪᠥᠬᠦ ᠣᠷᠣᠨ ᠤ ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠤᠨ ᠪᠦᠷᠬᠦᠴᠡ ᠶᠢᠨ ᠨᠣᠷᠮ᠎ᠠ ᠶᠢ 80% ᠠᠴᠠ ᠳᠣᠣᠷ᠎ᠠ ᠪᠠᠶᠢᠯᠭᠠᠬᠤ ᠦᠭᠡᠢ᠂ ᠬᠥᠮᠥᠨ ᠠᠮᠠ | ᠬᠠᠷᠢᠴᠠᠩᠭᠤᠢ ᠪᠠᠷ ᠲᠥᠪᠯᠡᠷᠡᠭᠰᠡᠨ ᠭᠠᠴᠠᠭ᠎ᠠ ᠲᠣᠰᠬᠤᠨ ᠳᠤ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠶᠢ ᠠᠳᠠᠭ ᠲᠤ ᠪᠠᠨ 1 ᠶᠢ ᠪᠠᠶᠢᠭᠤᠯᠤᠨ᠎ᠠ᠃ |