ᠰᠠᠶᠢᠬᠠᠨᠲᠤᠤᠷᠠᠢ ᠰᠤᠮᠤ᠄ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ ᠨᠠᠮ ᠤᠨ ᠬᠠᠶᠢᠷ᠎ᠠ ᠬᠠᠯᠠᠮᠵᠢ ᠶᠢ ᠮᠠᠯᠴᠢᠨ ᠲᠠᠷᠢᠶᠠᠴᠢᠨ ᠤ ᠰᠡᠳᠬᠢᠯ ᠳᠤ ᠬᠦᠷᠭᠡᠪᠡ
ᠨᠡᠶᠢᠲᠡᠯᠡᠭᠰᠡᠨ ᠴᠠᠭ᠄
2024/8/19
    ᠡᠨᠡ ᠵᠢᠯ ᠠᠴᠠ ᠨᠠᠰᠢ᠂ ᠰᠠᠶᠢᠬᠠᠨᠲᠤᠤᠷᠠᠢ ᠰᠤᠮᠤᠨ ᠤ ᠬᠡᠪᠴᠢᠶᠡᠨ ᠳᠤ ᠬᠤᠷ᠎ᠠ ᠲᠤᠨᠳᠠᠰᠤ ᠪᠠᠶᠢᠬᠤ ᠦᠭᠡᠢ᠂ ᠭᠠᠩ ᠬᠠᠭᠰᠠᠷᠠᠭᠠᠨ ᠬᠦᠨᠳᠦ ᠨᠣᠴᠢᠲᠠᠶ ᠪᠠᠶᠢᠵᠤ᠂ ᠬᠠᠷᠢᠶᠠᠲᠤ ᠣᠷᠣᠨ ᠤ ᠤᠰᠤᠨ ᠲᠦᠪᠰᠢᠨ ᠳᠤᠮᠳᠠᠴᠢ ᠪᠠᠷ 3 - 8 ᠮᠧᠲᠷ ᠪᠠᠭᠤᠷᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠳᠠᠷᠤᠯᠲᠠ ᠦᠵᠡᠭᠦᠯᠦᠭᠰᠡᠨ ᠪᠠᠶᠢᠨ᠎ᠠ᠃ ᠰᠤᠮᠤᠨ ᠤ ᠨᠠᠮ ᠤᠨ ᠬᠤᠷᠢᠶ᠎ᠠ ᠠᠷᠠᠳ ᠤᠨ ᠠᠮᠢᠳᠤᠷᠠᠯ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠰᠬᠠᠶ ᠨᠠᠮ ᠤᠨ ᠵᠠᠷᠤᠳᠠᠯ ᠢ 17.86 ᠲᠦᠮᠡᠨ ᠲᠥᠭᠦᠷᠢᠭ ᠤᠯᠬᠤ ᠪᠠᠷ ᠢᠳᠡᠪᠬᠢᠲᠡᠶ ᠴᠢᠷᠮᠠᠶᠢᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠬᠤ ᠲᠠᠢ ᠤᠶᠠᠯᠳᠤᠭᠤᠯᠤᠨ᠂ ᠰᠤᠮᠤᠨ ᠤ ᠨᠡᠶᠢᠳᠡ 112 ᠭᠠᠮᠰᠢᠭᠳᠠᠭᠰᠠᠨ ᠡᠷᠦᠬᠡ ᠳᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠲᠠᠷᠬᠠᠭᠠᠪᠠ᠃     ᠰᠤᠮᠤᠨ ᠤ ᠨᠠᠮ ᠤᠨ ᠬᠤᠷᠢᠶ᠎ᠠ ᠲᠣᠰ ᠤᠳᠠᠭ᠎ᠠ ᠡᠪᠡᠰᠦ ᠪᠣᠷᠳᠤᠭ᠎ᠠ ᠲᠠᠷᠬᠠᠭᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠯ᠎ᠡ ᠨᠠᠮ ᠤᠨ ᠡᠭᠦᠷ ᠢ ᠵᠣᠬᠢᠶᠠᠨ ᠪᠠᠶᠢᠭᠤᠯᠵᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠪᠡᠰᠦ ᠪᠣᠷᠳᠤᠭ᠎ᠠ ᠠᠪᠬᠤ ᠪᠠᠷ ᠢᠷᠡᠭᠰᠡᠨ ᠮᠠᠯᠴᠢᠳ ᠡᠮᠬᠢ ᠵᠢᠷᠤᠮ ᠲᠠᠢ ᠪᠠᠷ ᠲᠡᠷᠭᠡᠨ ᠳᠤ ᠲᠡᠭᠡᠭᠡᠵᠦ᠂ ᠡᠮᠬᠢ ᠵᠢᠷᠤᠮ ᠲᠠᠢ ᠪᠠᠷ ᠮᠡᠳᠡᠭᠡ ᠵᠠᠩᠭᠢ ᠶᠢ ᠳᠡᠩᠰᠡᠯᠡᠵᠦ ᠬᠠᠷᠭᠤᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠮᠠᠯᠴᠢᠳ ᠲᠤ ᠭᠠᠵᠢᠭᠤ ᠨᠣᠮᠯᠠᠯ ᠢ ᠡᠰᠡᠷᠭᠦᠴᠡᠬᠦ᠂ ᠦᠨᠳᠦᠰᠦᠲᠡᠨ ᠤ ᠪᠦᠯᠬᠦᠮᠳᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠪᠠᠭ ᠤᠨ ᠪᠦᠷᠢᠯᠳᠦᠬᠦᠨ ︽ᠨᠠᠮ ᠤᠨ ᠭᠡᠰᠢᠭᠦᠳ ᠤᠯᠠᠨ ᠲᠦᠮᠡᠨ ᠳᠤ ᠲᠠᠶᠢᠯᠪᠤᠷᠢᠯᠠᠵᠤ ᠥᠭᠬᠦ︾᠂ ︽ᠪᠢ ᠨᠤᠲᠤᠭ ᠤᠰᠤᠨ ᠤ ᠪᠠᠨ ᠰᠢᠨ᠎ᠡ ᠬᠤᠪᠢᠷᠠᠯᠲᠠ ᠶᠢ ᠦᠵᠡᠬᠦ︾ ᠵᠡᠷᠭᠡ ᠠᠵᠢᠯ ᠲᠠᠢ ᠤᠶᠠᠯᠳᠤᠭᠤᠯᠵᠤ᠂ ᠲᠡᠳᠡᠨ ᠳᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠲᠤᠬᠠᠢ ᠨᠢᠭᠡᠨ ᠵᠣᠯ ᠵᠢᠷᠭᠠᠯ ︾᠎ ᠶᠢ ᠲᠠᠶᠢᠯᠪᠤᠷᠢᠯᠠᠨ ᠥᠭᠴᠦ᠂ ᠮᠠᠯᠴᠢᠳ ᠲᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠵᠦ᠂ ᠲᠦᠷᠦ ᠶᠢᠨ ᠪᠤᠳᠤᠯᠭ᠎ᠠ ᠶᠢᠨ ᠠᠰᠠᠷᠠᠮᠵᠢ᠂ ᠥᠭᠡᠷᠡᠴᠢᠯᠡᠯᠲᠡ ᠶᠢᠨ ᠠᠰᠢᠭ ᠢ ᠪᠡᠶ᠎ᠡ ᠪᠠᠷ ᠢᠶᠠᠨ ᠣᠶᠢᠯᠠᠭᠠᠪᠠ᠃    ᠡᠭᠦᠨ ᠤ ᠬᠠᠮᠲᠤ᠂ ᠰᠤᠮᠤᠨ ᠤ ᠨᠠᠮ ᠤᠨ ᠬᠤᠷᠢᠶᠠᠨ ᠤ ᠱᠦᠵᠢ 3 ᠡᠷᠦᠬᠡ ᠠᠮᠠᠷᠬᠠᠨ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠡᠷᠦᠬᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠲᠡᠳᠡᠨ ᠢ ᠪᠡᠶ᠎ᠡ ᠪᠠᠨ ᠬᠢᠴᠢᠶᠡᠵᠦ᠂ ᠪᠠᠶᠠᠰᠤᠩᠭᠤᠶ ᠰᠡᠳᠬᠢᠯᠭᠡ ᠲᠠᠢ ᠪᠠᠶᠢᠬᠤ ᠶᠢ ᠰᠠᠨᠠᠭᠤᠯᠬᠤ ᠶᠢᠨ ᠬᠠᠮᠲᠤ ᠲᠣᠬᠤᠨᠢᠭᠤᠯᠬᠤ ᠮᠥᠩᠭᠦ ᠶᠢᠨ ᠬᠡᠯᠪᠡᠷᠢ ᠪᠠᠷ ᠲᠡᠳᠡᠨ ᠳᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠰᠬᠠᠶ ᠨᠠᠮ ᠤᠨ ᠰᠦᠢᠳᠬᠡᠯ ᠲᠠᠷᠬᠠᠭᠠᠪᠠ᠃    ᠲᠠᠷᠠᠭᠠᠴᠢ ᠶᠢᠨ ᠠᠯᠬᠤᠮ ᠳᠤ᠂ ᠰᠤᠮᠤᠨ ᠤ ᠨᠠᠮ ᠤᠨ ᠬᠤᠷᠢᠶ᠎ᠠ ᠣᠯᠠᠨ ᠲᠦᠮᠡᠨ ᠤ ᠪᠠᠶᠢᠩᠭᠤ ᠶᠢᠨ ᠰᠤᠷᠭᠠᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠴᠠᠭ ᠠᠭᠤᠷ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠦᠷᠭᠦᠯᠵᠢᠯᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠠᠩ ᠤᠨ ᠪᠠᠶᠢᠳᠠᠯ ᠢ ᠠᠷᠭᠠᠴᠠᠭᠠᠵᠤ᠂ ᠮᠠᠯᠴᠢᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠬᠠᠤ ᠶᠢᠨ ᠬᠠᠮᠲᠤ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠭᠠᠩ ᠬᠠᠭᠰᠠᠷᠠᠭᠠᠨ ᠲᠠᠢ ᠲᠡᠮᠡᠴᠡᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠵᠦ᠂ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠭᠠᠩ ᠤᠨ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号