ᠳᠤᠮᠳᠠᠳᠤ ᠤᠯᠤᠰ · ᠡᠵᠡᠨ᠎ᠡ ᠶᠢᠨ 2024 ᠣᠨ ᠤ ᠵᠢᠭᠤᠯᠴᠢᠯᠠᠯ ᠤᠨ ᠬᠤᠳᠠᠯᠳᠤᠭᠠᠴᠢᠨ ᠢ ᠲᠠᠨᠢᠯᠴᠠᠭᠤᠯᠬᠤ ᠶᠡᠭᠡ ᠬᠤᠷᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 25᠎ ᠤ ᠡᠳᠦᠷ᠂ ᠳᠤᠮᠳᠠᠳᠤ ᠤᠯᠤᠰ · ᠡᠵᠡᠨ᠎ᠡ ᠶᠢᠨ 2024 ᠣᠨ ᠤ ᠵᠢᠭᠤᠯᠴᠢᠯᠠᠯ ᠤᠨ ᠬᠤᠳᠠᠯᠳᠤᠭᠠᠴᠢᠨ ᠢ ᠲᠠᠨᠢᠯᠴᠠᠭᠤᠯᠬᠤ ᠬᠤᠷᠠᠯ ᠵᠢᠦᠢ ᠶᠠᠨ ᠰᠣᠶᠣᠯ ᠤᠨ ᠬᠤᠲᠠ ᠳᠤ ᠶᠠᠪᠤᠭᠳᠠᠵᠤ᠂ ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠪᠦᠬᠡ ᠠᠵᠢᠯᠯᠠᠭᠠᠨ ᠳᠤ ᠣᠷᠣᠯᠴᠠᠵᠤ ᠪᠠᠶᠠᠷ ᠤᠨ ᠦᠭᠡ ᠶᠠᠷᠢᠪᠠ᠃ ᠡᠵᠡᠨ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠦᠲᠦᠭᠡᠯᠴᠢ᠂ ᠡᠵᠡᠨ᠎ᠡ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠠᠩ ᠰᠢᠤᠸᠠᠢ ᠪᠢᠨ ᠵᠡᠷᠭᠡ ᠬᠤᠰᠢᠭᠤᠨ ᠤ ᠳᠥᠷᠪᠡᠨ ᠲᠤᠮᠤ ᠤᠳᠤᠷᠢᠳᠬᠤ ᠪᠠᠭ ᠤᠨ       ᠤᠳᠤᠷᠢᠳᠤᠯᠭ᠎ᠠ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠭᠠᠨᠰᠤ ᠮᠤᠵᠢ ᠶᠢᠨ ᠵᠢᠭᠤᠯᠴᠢᠯᠠᠯ ᠤᠨ ᠨᠡᠶᠢᠭᠡᠮᠯᠢᠭ᠂ ᠬᠥᠬᠡᠨᠠᠭᠤᠷ ᠮᠤᠵᠢ ᠶᠢᠨ ᠵᠢᠭᠤᠯᠴᠢᠯᠠᠯ ᠤᠨ ᠦᠢᠯᠡᠴᠢᠯᠡᠭᠡᠨ ᠤ ᠨᠡᠶᠢᠭᠡᠮᠯᠢᠭ ᠵᠡᠷᠭᠡ ᠪᠥᠬᠦ ᠤᠯᠤᠰ ᠤᠨ ᠡᠯ᠎ᠡ ᠭᠠᠵᠠᠷ ᠤᠨ 300 ᠭᠠᠷᠤᠢ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭᠠᠨ ᠳᠤ ᠤᠷᠤᠯᠴᠠᠪᠠ᠃      ᠵᠢᠦᠢ ᠶᠠᠨ ᠰᠣᠶᠣᠯ ᠤᠨ ᠬᠤᠲᠠ ᠳᠤ ᠢᠷᠠᠭᠤ ᠰᠠᠶᠢᠬᠠᠨ ᠳᠠᠭᠤᠤ ᠬᠥᠭᠵᠢᠮ ᠢ ᠳᠠᠭᠠᠯᠳᠤᠨ ᠳᠤᠮᠳᠠᠳᠤ ᠤᠯᠤᠰ · ᠡᠵᠡᠨ᠎ᠡ ᠶᠢᠨ 2024 ᠣᠨ ᠤ ᠵᠢᠭᠤᠯᠴᠢᠯᠠᠯ ᠤᠨ ᠬᠤᠳᠠᠯᠳᠤᠭᠠᠴᠢᠨ ᠢ ᠲᠠᠨᠢᠯᠴᠠᠭᠤᠯᠬᠤ ᠶᠡᠭᠡ ᠬᠤᠷᠠᠯ ᠬᠥᠰᠢᠭᠡ ᠪᠠᠨ ᠰᠡᠭᠦᠯ᠎ᠡ᠃      ᠸᠠᠩ ᠯᠢ ᠵᠢᠶᠦ᠋ᠨ ᠶᠠᠷᠢᠶᠠᠨ ᠳᠠᠭᠠᠨ᠂ ᠡᠵᠡᠨ᠎ᠡ ᠪᠣᠯ ᠥᠨᠢ ᠤᠳᠠᠭᠠᠨ ᠲᠡᠦᠬᠡ ᠲᠠᠢ᠂ ᠰᠣᠶᠣᠯ ᠢᠷᠭᠡᠨᠰᠢᠯ ᠢᠶᠠᠷ ᠵᠤᠵᠠᠭᠠᠨ᠂ ᠦᠨᠳᠦᠰᠦᠲᠡᠨ ᠤ ᠵᠠᠩ ᠦᠢᠯᠡ ᠪᠠᠷ ᠣᠨᠴᠠᠭᠠᠢ ᠷᠣᠮᠠᠨᠲ᠋ᠢᠭ ᠬᠤᠳᠠ ᠪᠣᠯᠣᠨ᠎ᠠ᠃ ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠪᠠ ᠬᠥᠮᠥᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠪᠦᠬᠦ ᠬᠤᠰᠢᠭᠤᠨ ᠤ ᠵᠤᠭᠠᠴᠠᠯ ᠤᠨ ᠦᠢᠯᠡᠰ ᠤᠨ ᠪᠠᠶᠢᠳᠠᠯ ᠢ ᠳᠠᠬᠢᠨ ᠴᠣᠭᠴᠠᠯᠠᠨ ᠳᠡᠭᠡᠭᠰᠢᠯᠡᠭᠦᠯᠵᠦ᠂ ᠡᠵᠡᠨ᠎ᠡ ᠶᠢᠨ ᠠᠯᠳᠠᠨ ᠨᠠᠮᠤᠷ ᠤᠨ ᠲᠣᠣᠷᠠᠢ ᠶᠢᠨ ᠪᠠᠶᠠᠷ᠂ ︽ᠮᠢᠩᠭᠠᠨ ᠣᠨ ᠤ ᠲᠣᠣᠷᠠᠢ · ᠵᠠᠭᠤᠨ ᠵᠢᠯ ᠤᠨ ᠤᠷᠤᠭ︾ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠲᠦᠯᠦᠪᠯᠡᠨ᠂ ︽ᠵᠢᠦᠢ ᠶᠠᠨ ᠤ ᠭᠡᠭᠡᠨ ᠰᠠᠷᠠᠨ ᠤ ᠰᠥᠨᠢ︾ ᠵᠡᠭᠡᠯᠢ ᠶᠢᠨ ᠲᠣᠭᠤᠷᠢᠭ ᠢ ᠪᠠᠶᠢᠭᠤᠯᠵᠤ᠂ ᠰᠢᠷᠢᠰ ᠵᠤᠭᠠᠴᠠᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠤᠭᠲᠠᠭᠠᠨ᠂ ᠨᠢᠭᠡ ᠪᠦᠯᠦᠭ ᠥᠷᠭᠡᠨ ᠠᠭᠤᠳᠠᠮ ᠠᠯᠤᠰ ᠢᠷᠡᠭᠡᠳᠦᠢ ᠲᠠᠢ ᠬᠠᠮᠲᠤᠷᠠᠯᠴᠠᠭᠠᠨ ᠤ ᠲᠦᠷᠦᠯ ᠵᠦᠢᠯ ᠢ ᠲᠥᠯᠥᠪᠵᠢᠭᠦᠯᠵᠦ᠂ ᠡᠯ᠎ᠡ ᠵᠤᠭᠠᠴᠠᠯ ᠤᠨ ᠬᠤᠳᠠᠯᠳᠤᠭᠠᠴᠢᠳ ᠲᠠᠢ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠪᠥᠬᠡ᠂ ᠭᠠᠵᠠᠷ ᠵᠦᠢ ᠶᠢᠨ ᠪᠠᠶᠢᠷᠢᠰᠢᠯ᠂ ᠰᠣᠶᠣᠯ ᠢᠷᠭᠡᠨᠰᠢᠯ ᠲᠡᠦᠬᠡ᠂ ᠪᠠᠶᠢᠭᠠᠯᠢ ᠶᠢᠨ ᠥᠩᠭᠡ ᠦᠵᠡᠮᠵᠢ ᠵᠡᠷᠭᠡ ᠲᠠᠯ᠎ᠠ ᠪᠠᠷ ᠡᠵᠡᠨ᠎ᠡ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠣᠷᠣᠨ ᠪᠠᠶᠢᠷᠢ ᠶᠢᠨ ᠳᠠᠪᠠᠭᠤᠯᠢᠭ᠂ ᠬᠥᠭᠵᠢᠯᠲᠡ ᠶᠢᠨ ᠣᠷᠴᠢᠨ ᠲᠣᠭᠤᠷᠢᠨ ᠢ ᠭᠤᠣᠯᠳᠠᠯᠭ᠎ᠠ ᠲᠠᠢ ᠲᠠᠨᠢᠯᠴᠠᠭᠤᠯᠤᠭᠰᠠᠨ ᠪᠥᠭᠡᠳ ᠡᠷᠬᠢᠮ ᠵᠣᠴᠢᠳ ᠤᠨ ᠡᠵᠡᠨ᠎ᠡ ᠶᠢᠨ ᠷᠢᠳᠢ ᠰᠢᠳᠢ ᠶᠢ ᠮᠡᠳᠡᠷᠡᠵᠦ᠂ ᠴᠢᠨᠠᠷ ᠰᠠᠶᠢᠲᠠᠢ ᠠᠮᠢᠳᠤᠷᠠᠯ ᠢ ᠡᠳ᠋ᠯᠡᠨ᠂ ᠬᠠᠮᠲᠤᠷᠠᠯᠴᠠᠨ ᠬᠥᠭᠵᠢᠬᠦ ᠶᠢ ᠬᠠᠮᠲᠤᠪᠠᠷ ᠡᠷᠢᠯᠬᠢᠯᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃ ᠲᠡᠷᠡ ᠢᠯᠡᠷᠬᠡᠶᠢᠯᠡᠬᠦ ᠳᠡᠭᠡᠨ᠂ ᠡᠵᠡᠨ᠎ᠡ ᠬᠤᠰᠢᠭᠤᠨ ᠤ ᠬᠢᠨ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠪᠥᠬᠦ ᠲᠠᠯ᠎ᠠ ᠶᠢᠨ᠂ ᠲᠥᠬᠦᠮ ᠦᠢᠯᠡᠴᠢᠯᠡᠭᠡ ᠬᠠᠩᠭᠠᠵᠤ᠂ ᠥᠷᠭᠡᠨ ᠣᠯᠠᠨ ᠵᠢᠭᠤᠯᠴᠢᠯᠠᠯ ᠤᠨ ᠦᠢᠯᠡᠰ ᠤᠨ ᠬᠢᠨ ᠤ ᠨᠠᠩ ᠰᠠᠶᠢᠨ ᠰᠠᠶᠢᠬᠠᠨ ᠬᠡᠷᠡᠯ ᠰᠠᠴᠤᠷᠠᠩᠭᠤᠢ ᠢᠷᠡᠭᠡᠳᠦᠢ ᠶᠢ ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃      ᠭᠠᠨᠰᠤ ᠶᠢᠨ ᠯᠠᠨ ᠱᠧᠨ ᠵᠤᠭᠠᠴᠠᠯ ᠤᠨ ᠦᠢᠯᠡᠰ᠂ ᠬᠥᠬᠡᠨᠠᠭᠤᠷ ᠤᠨ ᠴᠢ ᠮᠢᠩ ᠰᠢᠩ ᠤᠯᠠᠨ ᠤᠯᠤᠰ ᠤᠨ ᠵᠤᠭᠠᠴᠠᠯ ᠤᠨ ᠬᠢᠵᠠᠭᠠᠷᠲᠤ ᠺᠣᠮᠫᠠᠨᠢ᠂ ᠭᠠᠨᠰᠤ ᠶᠢᠨ ᠯᠦᠩ ᠢ ᠰᠢᠩ ᠰᠣᠶᠣᠯ ᠵᠤᠭᠠᠴᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠤᠰ ᠲᠤᠰ ᠥᠪᠡᠷ ᠤᠨ ᠬᠥᠭᠵᠢᠯᠲᠡ ᠶᠢᠨ ᠳᠠᠪᠠᠭᠤᠯᠢᠭ ᠪᠣᠯᠣᠨ ᠰᠣᠶᠣᠯ ᠵᠤᠭᠠᠴᠠᠯ ᠤᠨ ᠡᠬᠢ ᠪᠠᠶᠠᠯᠢᠭ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠡ᠃       ᠠᠵᠢᠯᠯᠠᠭᠠᠨ ᠤ ᠠᠬᠤᠢ ᠲᠠᠯᠠᠪᠠᠢ ᠳᠤ᠂ ᠡᠵᠡᠨ᠎ᠡ ᠶᠢᠨ ᠡᠯ᠎ᠡ ᠦᠵᠡᠮᠵᠢ ᠶᠢᠨ ᠣᠷᠣᠨ ᠤ ᠬᠢᠨ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ᠂ ᠰᠣᠩᠭᠤᠳᠠᠭ ᠵᠤᠭᠠᠴᠠᠯ ᠤᠨ ᠵᠠᠮ ᠱᠤᠭᠤᠮ᠂ ᠰᠣᠶᠣᠯ ᠵᠤᠭᠠᠴᠠᠯ ᠤᠨ ᠰᠢᠨ᠎ᠡ ᠶᠢ ᠡᠭᠦᠳᠦᠭᠰᠡᠨ ᠪᠦᠲᠦᠭᠡᠭᠳᠡᠬᠦᠨ ᠢ ᠳᠡᠯᠭᠡᠨ ᠦᠵᠡᠭᠦᠯᠪᠡ᠃ ᠲᠠᠨᠢᠯᠴᠠᠭᠤᠯᠭ᠎ᠠ ᠶᠢᠨ ᠬᠤᠷᠠᠯ ᠠᠴᠠ ᠵᠢᠭᠤᠯᠴᠢᠯᠠᠯ ᠤᠨ ᠬᠤᠳᠠᠯᠳᠤᠭᠠᠴᠢᠳ ᠲᠤ ᠡᠯ᠎ᠡ ᠲᠥᠷᠥᠯ ᠤᠨ ᠵᠢᠭᠤᠯᠴᠢᠯᠠᠯ ᠤᠨ ᠪᠢᠯᠧᠲ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠣᠣᠷᠠᠢ ᠶᠢᠨ ᠪᠠᠶᠠᠷ ᠤᠨ ᠬᠤᠭᠤᠴᠠᠭᠠᠨ ᠳᠤ ᠪᠠᠰᠠ ᠥᠪᠥᠷ ᠮᠣᠩᠭᠤᠯ ᠤᠨ ᠤᠷᠠᠯᠢᠭ ᠤᠨ ᠲᠢᠶᠠᠲᠷ ᠲᠠᠢ ᠬᠠᠮᠲᠤᠷᠠᠨ ︽ᠡᠵᠡᠨ᠎ᠡ︾ ᠭᠡᠬᠦ ᠭᠤᠣᠯ ᠰᠡᠳᠦᠪ ᠪᠣᠯᠭᠠᠭᠰᠠᠨ ᠵᠢᠭᠤᠯᠴᠢᠯᠠᠯ ᠤᠨ ᠲᠣᠭᠯᠠᠯᠲᠠ ᠭᠠᠷᠭᠠᠬᠤ ᠪᠣᠯᠣᠨ᠎ᠠ᠃      ᠲᠤᠬᠠᠢ ᠶᠢᠨ ᠲᠠᠯᠠᠪᠠᠢ ᠳᠤ ᠪᠠᠰᠠ ᠰᠣᠶᠣᠯ ᠵᠤᠭᠠᠴᠠᠯ ᠤᠨ ᠠᠵᠤ ᠦᠢᠯᠡᠰ ᠤᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠭᠤᠯᠵᠤ᠂ ᠡᠯ᠎ᠡ ᠰᠣᠶᠣᠯ ᠵᠤᠭᠠᠴᠠᠯ ᠤᠨ ᠠᠵᠤ ᠠᠬᠤᠶᠢᠯᠠᠯ ᠡᠵᠡᠨ᠎ᠡ ᠬᠤᠰᠢᠭᠤᠨ ᠤ 6 ᠵᠤᠭᠠᠴᠠᠯ ᠤᠨ ᠦᠵᠡᠮᠵᠢ ᠶᠢᠨ ᠣᠷᠣᠨ ᠲᠠᠢ ᠠᠮᠵᠢᠯᠲᠠ ᠲᠠᠢ ᠭᠠᠷ ᠤᠨ ᠦᠰᠦᠭ ᠵᠢᠷᠤᠪᠠ᠃      ᠲᠣᠰ ᠤᠳᠠᠭᠠᠨ ᠤ ᠵᠢᠭᠤᠯᠴᠢᠯᠠᠯ ᠤᠨ ᠬᠤᠳᠠᠯᠳᠤᠭᠠᠴᠢᠳ ᠤᠨ ᠲᠠᠨᠢᠯᠴᠠᠭᠤᠯᠭ᠎ᠠ ᠶᠢᠨ ᠬᠤᠷᠠᠯ ᠢ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾᠎ ᠶᠢ ᠤᠶᠠᠯᠳᠤᠭᠤᠯᠬᠤ ᠬᠡᠯᠪᠡᠷᠢ ᠪᠠᠷ ᠤᠨᠴᠠᠭᠠᠶᠢᠯᠠᠨ ᠶᠠᠪᠤᠭᠳᠠᠭᠤᠯᠵᠤ᠂ ᠥᠪᠥᠷ ᠮᠣᠩᠭᠤᠯ ᠤᠨ ᠬᠠᠮ ᠵᠠᠭᠤᠴᠢᠯᠠᠭᠤᠷ᠂ ᠠᠯᠠᠱᠠ ᠶᠢᠨ ᠬᠠᠮ ᠵᠠᠭᠤᠴᠢᠯᠠᠭᠤᠷ᠂ ᠡᠵᠡᠨ᠎ᠡ ᠶᠢᠨ ᠬᠠᠮ ᠵᠠᠭᠤᠴᠢᠯᠠᠭᠤᠷ ᠵᠡᠷᠭᠡ ᠵᠠᠭᠤᠴᠢᠯᠠᠭᠤᠷ ᠤᠳ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠳᠠᠮᠵᠢᠭᠤᠯᠤᠨ ᠵᠢᠭᠤᠯᠴᠢᠯᠠᠯ ᠤᠨ ᠬᠤᠳᠠᠯᠳᠤᠭᠠᠴᠢᠳ ᠤᠨ ᠲᠠᠨᠢᠯᠴᠠᠭᠤᠯᠭ᠎ᠠ ᠶᠢᠨ ᠬᠤᠷᠠᠯ ᠢ ᠴᠠᠭ ᠲᠤᠬᠠᠢ ᠳᠤᠨᠢ ᠮᠡᠳᠡᠭᠡᠯᠡᠵᠦ᠂ ᠪᠠᠷᠤᠭ 61.9 ᠲᠦᠮᠡᠨ ᠰᠦᠯᠵᠢᠶᠡᠨ ᠤ ᠠᠷᠠᠳ ᠰᠢᠭᠤᠳ ᠨᠡᠪᠲᠡᠷᠡᠭᠦᠯᠭᠡ ᠶᠢ ᠦᠵᠡᠭᠰᠡᠨ ᠪᠠᠶᠢᠨ᠎ᠠ᠃      ᠬᠤᠰᠢᠭᠤᠨ ᠤ ᠰᠤᠶᠤᠯ ᠵᠢᠭᠤᠯᠴᠢᠯᠠᠯ ᠤᠨ ᠷᠠᠳᠢᠤ᠋ ᠲᠧᠯᠸᠢᠰ ᠲᠤᠪᠴᠢᠶ᠎ᠠ ᠶᠢᠨ ᠳᠠᠷᠤᠭ᠎ᠠ ᠵᠢᠶᠠᠩ ᠵᠢᠦᠢ ᠮᠧᠢ᠄ ︽ᠮᠠᠨ ᠤ ᠡᠨᠡ ᠤᠳᠠᠭᠠᠨ ᠤ ᠵᠤᠭᠠᠴᠠᠯ ᠤᠨ ᠬᠤᠳᠠᠯᠳᠤᠭᠠᠴᠢᠳ ᠤᠨ ᠶᠡᠭᠡ ᠬᠤᠷᠠᠯ ᠨᠢ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 300 ᠭᠠᠷᠤᠢ ᠡᠷᠦᠬᠡ᠂ 500 ᠭᠠᠷᠤᠢ ᠵᠤᠭᠠᠴᠠᠯ ᠤᠨ ᠬᠤᠳᠠᠯᠳᠤᠭᠠᠴᠢᠳ ᠢ ᠤᠷᠢᠵᠤ᠂ ᠡᠵᠡᠨ᠎ᠡ ᠶᠢᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ ᠬᠠᠮᠲᠤᠪᠠᠷ ᠲᠥᠯᠥᠪᠵᠢᠭᠦᠯᠵᠦ᠂ ᠠᠷᠠᠯᠵᠢᠶᠠᠴᠢᠨ ᠤᠷᠢᠵᠤ ᠵᠣᠴᠢᠨ ᠲᠠᠲᠠᠬᠤ ᠬᠥᠳᠡᠯᠭᠡᠬᠦ ᠬᠦᠴᠦᠨ ᠢ ᠨᠢᠭᠲᠠᠷᠠᠭᠤᠯᠪᠠ᠂ ᠪᠢᠳᠡ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠢ ᠡᠵᠡᠨ᠎ᠡ ᠳᠤ ᠴᠢᠩ ᠰᠡᠳᠬᠢᠯ ᠠᠴᠠ ᠪᠠᠨ ᠤᠷᠢᠵᠤ᠂ ᠡᠨᠡ ᠨᠠᠮᠤᠷ ᠤᠨ ᠲᠣᠣᠷᠠᠢ ᠶᠢᠨ ᠦᠵᠡᠮᠵᠢ ᠶᠢ ᠬᠠᠮᠲᠤᠪᠠᠷ ᠰᠤᠨᠢᠷᠬᠠᠨ᠂ ᠡᠵᠡᠨ᠎ᠡ ᠶᠢᠨ ᠥᠪᠡᠷᠮᠢᠴᠡ ᠷᠢᠳᠢ ᠰᠢᠳᠢ ᠶᠢ ᠤᠶᠢᠯᠠᠭᠠᠭᠤᠯᠤᠨ᠎ᠠ︾ ᠭᠡᠪᠡ᠃      ᠣᠶᠢᠯᠠᠭᠠᠭᠰᠠᠨ ᠢᠶᠠᠷ᠂ ᠵᠢᠭᠤᠯᠴᠢᠯᠠᠯ ᠤᠨ ᠬᠤᠳᠠᠯᠳᠤᠭᠠᠴᠢᠳ ᠤᠨ ᠲᠠᠨᠢᠯᠴᠠᠭᠤᠯᠭ᠎ᠠ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠡᠯ᠎ᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠡᠵᠡᠨ᠎ᠡ ᠬᠤᠰᠢᠭᠤᠨ ᠤ ᠰᠣᠳᠣᠨ ᠵᠢᠭᠤᠯᠴᠢᠯᠠᠯ ᠤᠨ ᠱᠤᠭᠤᠮ ᠢᠶᠠᠷ ᠲᠤᠭᠤᠷᠢᠬᠤ ᠠᠵᠢᠯᠯᠠᠭ᠎ᠠ ᠥᠷᠨᠢᠭᠦᠯᠵᠦ᠂ ᠲᠣᠣᠷᠠᠢ ᠶᠢᠨ ᠣᠶ᠂ ᠰᠤᠪᠨᠠᠭᠤᠷ᠂ ᠴᠡᠭᠡ ᠪᠣᠭᠤᠮᠲᠠ᠂ ᠬᠠᠷ᠎ᠠ ᠬᠤᠲᠠ᠂ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ ᠵᠡᠷᠭᠡ ᠦᠵᠡᠮᠵᠢ ᠶᠢᠨ ᠣᠷᠣᠨ ᠳᠤ ᠭᠦᠨᠵᠡᠭᠡᠢ ᠪᠠᠶᠢᠴᠠᠭᠠᠯᠲᠠ ᠬᠢᠵᠦ᠂ ᠬᠠᠮᠲᠤᠷᠠᠯᠴᠠᠭ᠎ᠠ ᠪᠠ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号