ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠡᠷᠬᠡᠪᠰᠢ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ | ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠵᠤᠤ ᠯᠧ ᠵᠢᠢ ᠸᠠᠩ | ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠵᠤ ᠼᠠᠢ ᠴᠢ ᠬᠤᠷᠠᠯ ᠢ ᠡᠷᠭᠢᠯᠡᠪᠡ | ᠨᠠᠮ ᠤᠨ ᠲᠥᠪ ᠬᠤᠷᠢᠶ᠎ᠠ 22 ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠶᠠᠷᠢᠯᠴᠠᠬᠤ ᠬᠤᠷᠠᠯ ᠬᠤᠷᠠᠯᠳᠤᠭᠤᠯᠵᠤ᠂ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ | ᠳᠤᠷᠠᠰᠬᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠳ᠋ᠧᠩ ᠰᠢᠶᠣᠣ ᠫᠢᠩ ᠨᠥᠬᠦᠷ ᠪᠣᠯ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠢ ᠤᠳᠤᠷᠢᠳᠤᠭᠴᠢ᠂ | ᠠᠭᠤᠤ ᠶᠡᠭᠡ ᠮᠠᠷᠺᠰ ᠤᠨ ᠦᠵᠡᠯᠲᠡᠨ᠂ ᠦᠭᠡᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ | ᠂ ᠴᠡᠷᠢᠭ ᠤᠨ ᠶᠠᠪᠤᠳᠠᠯ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠤᠬᠠᠭᠠᠨᠲᠠᠨ᠂ ᠤᠷᠲᠤ ᠬᠤᠭᠤᠴᠠᠭᠠᠨ ᠤ | ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠨᠠᠮ ᠤᠨ ᠬᠤᠶᠠᠳᠤᠭᠠᠷ ᠦᠶ᠎ᠡ ᠶᠢᠨ ᠲᠥᠪ | ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ | ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠪᠯᠡᠭᠴᠢ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠨᠡᠭᠡᠭᠡᠨ ᠡᠭᠦᠳᠦᠭᠴᠢ᠂ ᠳ᠋ᠧᠩ ᠰᠢᠶᠣᠣ | ᠫᠢᠩ ᠤᠨ ᠣᠨᠣᠯ ᠤᠨ ᠭᠤᠣᠯ ᠡᠭᠦᠳᠦᠭᠴᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠴᠢᠬᠤᠯᠠ | ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ᠃ ᠲᠡᠷᠡ ᠨᠠᠮ᠂ | ᠠᠷᠠᠳ ᠲᠦᠮᠡᠨ᠂ ᠤᠯᠤᠰ ᠣᠷᠣᠨ᠂ ᠦᠨᠳᠦᠰᠦᠲᠡᠨ᠂ ᠳᠡᠯᠡᠬᠡᠢ ᠳ᠋ᠠᠬᠢᠨ ᠳᠤ ᠲᠣᠪᠤᠶᠢᠮ᠎ᠠ ᠬᠤᠪᠢ ᠨᠡᠮᠡᠷᠢ | ᠦᠵᠡᠭᠦᠯᠵᠦ᠂ ᠭᠠᠪᠢᠶ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠲᠡᠮᠳᠡᠭᠯᠡᠭᠳᠡᠵᠦ᠂ ᠬᠤᠵᠢᠮ ᠤᠨ ᠬᠥᠮᠥᠰ ᠢ ᠥᠨᠢᠳᠡ | ᠵᠣᠷᠢᠭᠵᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ | ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ | ᠶᠠᠷᠢᠯᠴᠠᠬᠤ ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ᠂ ᠳ᠋ᠧᠩ ᠰᠢᠶᠣᠣ ᠫᠢᠩ ᠨᠥᠬᠦᠷ ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ | ᠨᠢᠭᠡ ᠨᠠᠰᠤ᠂ ᠲᠠᠶᠢᠴᠢᠨ ᠨᠢᠭᠡ ᠨᠠᠰᠤ᠂ ᠠᠭᠤᠤ ᠶᠡᠭᠡ ᠨᠢᠭᠡ ᠨᠠᠰᠤ ᠮᠥᠨ᠃ ᠲᠡᠷᠡ ᠨᠠᠮ ᠤᠨ ᠤᠳᠤᠷᠢᠳᠤᠭᠰᠠᠨ | ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠤᠨ ᠴᠢᠯᠦᠭᠡᠯᠡᠯᠲᠡ ᠶᠢᠨ ᠦᠢᠯᠡᠰ᠂ ᠰᠢᠨ᠎ᠡ ᠳᠤᠮᠳᠠᠳᠤ | ᠤᠯᠤᠰ ᠢ ᠪᠠᠶᠢᠭᠤᠯᠬᠤ ᠳᠤ ᠭᠠᠷᠮᠠᠭᠠᠢ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮ ᠤᠨ ᠪᠠᠶᠢᠭᠤᠯᠤᠯ ᠢ | ᠪᠠᠶᠢᠭᠤᠯᠬᠤ ᠪᠠ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠳᠤ ᠮᠠᠰᠢ ᠪᠦᠲᠦᠮᠵᠢᠲᠡᠢ ᠠᠵᠢᠯ ᠥᠷᠨᠢᠭᠦᠯᠪᠡ᠃ | ︽ᠰᠣᠶᠣᠯ ᠤᠨ ᠶᠡᠭᠡ ᠬᠤᠪᠢᠰᠬᠠᠯ︾ ᠳᠠᠭᠤᠰᠤᠭᠰᠠᠨ ᠤ ᠳᠠᠷᠠᠭ᠎ᠠ᠂ ᠲᠡᠷᠡ ᠨᠠᠮ ᠤᠨ ᠬᠤᠶᠠᠳᠤᠭᠠᠷ ᠦᠶ᠎ᠡ ᠶᠢᠨ | ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠪᠣᠯᠤᠭᠰᠠᠨ ᠤ ᠬᠤᠪᠢ ᠳᠤ᠂ ᠨᠠᠮ ᠪᠠ ᠠᠷᠠᠳ | ᠲᠦᠮᠡᠨ ᠢ ᠳᠠᠭᠠᠭᠤᠯᠤᠨ ᠠᠭᠤᠤ ᠶᠡᠭᠡ ᠲᠡᠦᠬᠡᠨ ᠡᠷᠭᠢᠯᠲᠡ ᠶᠢ ᠪᠡᠶᠡᠯᠡᠭᠦᠯᠵᠦ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠰᠢᠨ᠎ᠡ ᠦᠰᠦᠷᠦᠯᠲᠡ ᠶᠢ ᠪᠡᠶᠡᠯᠡᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠴᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ | ᠵᠥᠪ ᠵᠠᠮ ᠢ ᠲᠣᠭᠲᠠᠭᠠᠵᠤ᠂ ᠭᠡᠷᠡᠯ ᠰᠠᠴᠤᠷᠠᠩᠭᠤᠢ ᠨᠡᠶᠢᠭᠡᠮ ᠵᠢᠷᠤᠮ ᠤᠨ ᠲᠤᠭ ᠢ ᠡᠷᠡᠰ ᠬᠠᠮᠠᠭᠠᠯᠠᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠡᠭᠦᠳᠦᠨ ᠨᠡᠭᠡᠭᠡᠵᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠲᠡᠦᠬᠡᠲᠦ ᠭᠠᠪᠢᠶ᠎ᠠ ᠵᠢᠳᠬᠦᠯ ᠪᠣᠯ ᠪᠦᠭᠦ ᠲᠠᠯ᠎ᠠ ᠶᠢᠨ | ᠪᠥᠭᠡᠳ ᠡᠭᠦᠳᠦᠯᠲᠡ ᠶᠢᠨ ᠴᠢᠨᠠᠷᠲᠠᠢ ᠶᠤᠮ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠦᠵᠡᠭᠦᠯᠦᠭᠰᠡᠨ | ᠨᠥᠯᠥᠭᠡ ᠨᠢ ᠭᠦᠨ ᠭᠦᠨᠵᠡᠭᠡᠢ᠂ ᠠᠯᠤᠰ ᠭᠡᠳᠤ ᠶᠢᠨ ᠶᠤᠮ᠃ ᠲᠡᠭᠦᠨ ᠤ ᠨᠢᠭᠡ ᠨᠠᠰᠤᠨ ᠤ ᠲᠡᠮᠡᠴᠡᠯ ᠤᠨ | ᠥᠩᠭᠡᠷᠡᠯᠲᠡ ᠨᠢ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠲᠤᠬᠠᠢ ᠢᠲᠡᠭᠡᠯ ᠪᠢᠰᠢᠷᠡᠯ ᠬᠢᠵᠠᠭᠠᠯᠠᠰᠢ ᠦᠭᠡᠢ ᠪᠠᠲᠤ ᠴᠢᠩᠭ᠎ᠠ ᠡᠷᠬᠢᠮ ᠳᠡᠭᠡᠳᠦ ᠵᠠᠩ | ᠰᠤᠷᠲᠠᠯ᠂ ᠠᠷᠠᠳ ᠲᠦᠮᠡᠨ ᠢ ᠬᠢᠵᠠᠭᠠᠯᠠᠰᠢ ᠦᠭᠡᠢ ᠬᠠᠶᠢᠷᠠᠯᠠᠬᠤ ᠠᠭᠤᠤ ᠶᠡᠭᠡ ᠬᠠᠶᠢᠷ᠎ᠠ ᠰᠡᠳᠬᠢᠯᠭᠡ᠂ ᠦᠨᠡᠨ ᠠᠴᠠ | ᠵᠥᠪ ᠢ ᠡᠷᠢᠬᠦ ᠤᠨᠤᠯ ᠤᠨ ᠵᠠᠩ ᠴᠢᠨᠠᠷ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠬᠦ ᠤᠯᠤᠰ | ᠲᠦᠷᠦ ᠶᠢᠨ ᠰᠥᠰᠥ ᠵᠣᠷᠢᠭ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ | ᠰᠡᠳᠬᠢᠬᠦᠢ᠂ ᠠᠰᠪᠤᠷ ᠴᠠᠭᠠᠪᠤᠷ ᠭᠤᠶᠠᠴᠢ ᠦᠭᠡᠢ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠶᠢ ᠭᠦᠢᠴᠡᠳ | ᠢᠯᠡᠷᠡᠭᠦᠯᠪᠡ᠃ ᠲᠡᠭᠦᠨ ᠤ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠪᠢᠳᠡ ᠡᠭᠦᠷᠢᠳᠡ ᠴᠡᠭᠡᠵᠢᠯᠡᠨ᠎ᠡ︔ | ᠲᠡᠭᠦᠨ ᠤ ᠡᠷᠬᠢᠮ ᠳᠡᠭᠡᠳᠦ ᠬᠤᠪᠢᠰᠬᠠᠯᠲᠤ ᠬᠡᠪ ᠨᠠᠮᠪᠠ ᠶᠢ ᠪᠢᠳᠡ ᠡᠭᠦᠷᠢᠳᠡ ᠬᠦᠨᠳᠦᠳᠬᠡᠨ ᠪᠢᠰᠢᠷᠡᠨ᠎ᠡ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠪᠢᠳᠡᠨ ᠳᠤ ᠦᠯᠡᠳᠡᠭᠡᠵᠦ ᠥᠭᠭᠦᠭᠰᠡᠨ ᠬᠠᠮᠤᠭ ᠤᠨ | ᠴᠢᠬᠤᠯᠠ ᠦᠵᠡᠯ ᠰᠠᠨᠠᠭᠠᠨ ᠤ ᠡᠳ᠋ ᠪᠠᠶᠠᠯᠢᠭ ᠪᠣᠯ ᠲᠡᠭᠦᠨ ᠤ ᠭᠤᠣᠯᠯᠠᠨ ᠡᠭᠦᠳᠦᠨ ᠪᠠᠶᠢᠭᠤᠯᠤᠭᠰᠠᠨ ᠳ᠋ᠧᠩ ᠰᠢᠶᠣᠣ | ᠫᠢᠩ ᠤᠨ ᠤᠨᠤᠯ ᠪᠣᠯᠣᠨ᠎ᠠ᠃ ᠳ᠋ᠧᠩ ᠰᠢᠶᠣᠣ ᠫᠢᠩ ᠤᠨ ᠤᠨᠤᠯ ᠪᠣᠯ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠵᠤ ᠴᠠᠭ ᠦᠶᠡᠴᠢᠯᠡᠭᠰᠡᠨ ᠤ ᠴᠢᠬᠤᠯᠠ ᠪᠡᠯᠭᠡ ᠲᠡᠮᠳᠡᠭ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ | ᠂ ᠪᠢᠳᠡ ᠡᠷᠬᠡᠪᠰᠢ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ | ᠲᠡᠭᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠶᠢ ᠪᠦᠷᠢᠨ ᠪᠦᠲᠦᠨ᠂ ᠵᠥᠪ | ᠣᠨᠣᠪᠴᠢᠲᠠᠢ ᠣᠶᠢᠯᠠᠭᠠᠵᠤ᠂ ᠳ᠋ᠧᠩ ᠰᠢᠶᠣᠣ ᠫᠢᠩ ᠨᠥᠬᠦᠷ ᠤᠨ ᠨᠡᠶᠢᠭᠡᠮ ᠵᠢᠷᠤᠮ ᠤᠨ ᠵᠢᠮ᠎ᠡ ᠶᠣᠰᠣᠴᠢ ᠴᠢᠨᠠᠷᠲᠠᠢ | ᠲᠠᠨᠢᠯᠲᠠ ᠳᠤ ᠰᠠᠭᠤᠷᠢᠯᠠᠨ ᠳᠤᠷᠠᠳᠤᠭᠰᠠᠨ ᠴᠢᠬᠤᠯᠠ ᠶᠡᠭᠡ ᠳ᠋ᠦᠩᠨᠡᠯᠲᠡ᠂ ᠦᠨᠳᠦᠰᠦᠨ ᠦᠵᠡᠯᠲᠡ᠂ ᠵᠥᠪ | ᠵᠣᠷᠢᠯᠲᠠ ᠶᠢ ᠪᠠᠷᠢᠮᠲᠠᠯᠠᠬᠤ ᠮᠥᠷᠲᠡᠭᠡᠨ ᠪᠠᠰᠠ ᠲᠠᠰᠤᠷᠠᠯᠳᠠ ᠦᠭᠡᠢ ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ | ᠤᠨᠤᠯ ᠤᠨ ᠭᠤᠣᠯ ᠴᠢᠮᠦᠭᠡ ᠪᠠ ᠮᠥᠨ ᠴᠢᠨᠠᠷ ᠢ ᠨᠢ ᠵᠥᠪ ᠡᠵᠡᠮᠳᠡᠵᠦ᠂ ᠪᠣᠳᠠᠲᠤ ᠠᠰᠠᠭᠤᠳᠠᠯ ᠢ ᠰᠢᠢᠳᠪᠦᠷᠢᠯᠡᠬᠦ ᠳᠤ | ᠬᠡᠷᠡᠭᠯᠡᠵᠦ᠂ ᠦᠨᠡᠨ ᠶᠣᠰᠣ ᠶᠢ ᠭᠤᠶᠢᠪᠢᠰᠢ ᠦᠭᠡᠢ ᠪᠠᠷᠢᠮᠲᠠᠯᠠᠨ᠂ ᠦᠢᠯᠡᠳᠦᠯᠭᠡ ᠶᠢ ᠵᠢᠯᠤᠭᠤᠳᠬᠤ ᠳᠤ ᠬᠡᠯᠪᠠᠶᠢᠬᠦ | ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ | ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠮᠠᠷᠺᠰ ᠤᠨ ᠦᠵᠡᠯ ᠤᠨ ᠠᠮᠢᠨ ᠰᠤᠳᠠᠰᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠨᠳᠦᠰᠦ | ᠰᠤᠷᠪᠤᠯᠵᠢ ᠶᠢ ᠢᠮᠠᠭᠲᠠ ᠪᠠᠲᠤ ᠰᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ | ᠪᠣᠯᠪᠠᠰᠤᠨ ᠤ ᠦᠷ᠎ᠡ ᠪᠦᠲᠦᠭᠡᠯ ᠢᠶᠠᠷ ᠲᠣᠯᠢ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠦᠨᠡᠨ ᠶᠣᠰᠣ ᠶᠢ ᠲᠠᠰᠤᠷᠠᠯᠲᠠ | ᠦᠭᠡᠢ ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠢ | ᠠᠰᠠᠭᠤᠳᠠᠯ ᠢ ᠭᠦᠨᠵᠡᠭᠡᠢ ᠰᠤᠳᠤᠯᠵᠤ᠂ ᠳᠤᠮᠳᠠᠳᠤ ᠤᠯᠤᠰ ᠤᠨ ᠠᠰᠠᠭᠤᠯᠲᠠ᠂ ᠶᠢᠷᠲᠢᠨᠴᠦ ᠶᠢᠨ ᠠᠰᠠᠭᠤᠯᠲᠠ᠂ | ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠶᠢ ᠭᠦᠨᠵᠡᠭᠡᠢ ᠬᠠᠷᠢᠭᠤᠯᠵᠤ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠦᠷᠭᠦᠯᠵᠢᠯᠡᠨ ᠠᠬᠢᠭᠤᠯᠵᠤ᠂ ᠣᠳᠣ ᠦᠶ᠎ᠡ ᠶᠢᠨ | ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠭᠡᠷᠡᠯ | ᠰᠠᠴᠤᠷᠠᠩᠭᠤᠢ ᠦᠨᠡᠨ ᠶᠣᠰᠣᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠪᠣᠯ ᠲᠡᠭᠦᠨ ᠤ | ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ | ᠠᠬᠢᠭᠤᠯᠬᠤ ᠶᠠᠪᠤᠳᠠᠯ ᠪᠣᠯᠣᠨ᠎ᠠ᠃ ᠪᠢᠳᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠡᠨᠡ ᠬᠦ ᠭᠤᠣᠯ ᠡᠭᠦᠷᠭᠡ ᠶᠢᠨ ᠲᠣᠭᠤᠷᠢᠨ ᠳᠤ᠂ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ | ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ | ᠬᠥᠭᠵᠢᠭᠦᠯᠵᠦ᠂ ᠪᠣᠳᠠᠰ ᠤᠨ ᠪᠣᠯᠪᠠᠰᠤᠨ ᠪᠣᠯᠣᠨ ᠣᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ᠂ | ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ | ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠦᠲᠦᠭᠡᠨ | ᠪᠠᠶᠢᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ | ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠵᠤ ᠲᠠᠰᠤᠷᠠᠯᠲᠠ ᠦᠭᠡᠢ ᠨᠡᠩ ᠢᠯᠡᠷᠬᠡᠢ ᠮᠥᠨ | ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠵᠤ᠂ ᠨᠡᠭᠡᠭᠡᠯᠲᠡ ᠪᠣᠯᠣᠨ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ | ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ | ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠨ ᠤ ᠢᠯᠠᠯᠲᠠ ᠶᠢ ᠵᠠᠪᠠᠯ | ᠲᠡᠮᠡᠴᠡᠨ ᠣᠯᠵᠤ᠂ ᠨᠠᠮ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ | ᠦᠭᠡᠢ ᠪᠠᠶᠢᠬᠤ ᠶᠢ ᠪᠠᠲᠤᠯᠠᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠮᠠᠤ ᠽᠧ ᠳ᠋ᠦᠩ᠂ ᠳ᠋ᠧᠩ ᠰᠢᠶᠣᠣ | ᠫᠢᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠤᠤᠭᠠᠯ ᠬᠦᠰᠡᠯ ᠮᠥᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ | ᠬᠤᠷᠢᠭᠯᠠᠭᠳᠠᠰᠢ ᠦᠭᠡᠢ ᠲᠡᠦᠬᠡ ᠶᠢᠨ ᠤᠷᠤᠰᠬᠠᠯ ᠮᠥᠨ᠃ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢ ᠵᠠᠰᠠᠬᠤ︾᠂ ︽ᠣᠣᠮᠧᠨᠴᠤᠳ ᠣᠣᠮᠧᠨ ᠢ ᠵᠠᠰᠠᠬᠤ︾᠂ | ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠢ᠂ | ᠭᠤᠶᠢᠪᠢᠰᠢ ᠦᠭᠡᠢ ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠤᠯᠠᠮ ᠨᠢᠭᠡ ᠠᠯᠬᠤᠮ ᠠᠭᠤᠰᠤᠨ ᠣᠷᠣᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠳᠡᠮᠵᠢᠨ ᠠᠬᠢᠭᠤᠯᠬᠤ | ᠬᠡᠷᠡᠭᠲᠡᠢ᠃ ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ | ᠪᠣᠳᠣᠯᠭ᠎ᠠ ᠶᠢ ᠭᠤᠶᠢᠪᠢᠰᠢ ᠦᠭᠡᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ | ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠵᠤ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠢ ᠡᠷᠡᠰ ᠡᠰᠡᠷᠭᠦᠴᠡᠵᠦ᠂ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ | ᠪᠦᠲᠦᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠡᠷᠡᠰ ᠪᠠᠲᠤ | ᠬᠦᠴᠦᠨ ᠮᠥᠨ᠃ ᠪᠢᠳᠡ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ | ᠲᠤᠭ ᠢ ᠢᠮᠠᠭᠲᠠ ᠥᠨᠳᠥᠷ ᠮᠠᠨᠳᠤᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ | ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ | ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ ᠪᠠᠷ ᠳᠡᠯᠡᠬᠡᠢ ᠳ᠋ᠠᠬᠢᠨ ᠳᠤ | ᠲᠠᠰᠤᠷᠠᠯᠲᠠ ᠦᠭᠡᠢ ᠰᠢᠨ᠎ᠡ ᠠᠵᠠ ᠲᠣᠭᠢᠶᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳ᠋ᠧᠩ | ᠰᠢᠶᠣᠣ ᠫᠢᠩ ᠨᠥᠬᠦᠷ ᠤᠨ ᠭᠡᠷᠡᠯ ᠰᠠᠴᠤᠷᠠᠩᠭᠤᠢ᠂ ᠲᠠᠶᠢᠴᠢᠨ᠂ ᠠᠭᠤᠤ ᠶᠡᠭᠡ ᠨᠢᠭᠡ ᠨᠠᠰᠤ ᠶᠢ ᠭᠦᠨᠵᠡᠭᠡᠢ | ᠡᠷᠭᠢᠴᠡᠭᠦᠯᠵᠦ᠂ ᠳ᠋ᠧᠩ ᠰᠢᠶᠣᠣ ᠫᠢᠩ ᠨᠥᠬᠦᠷ ᠨᠠᠮ ᠪᠣᠯᠣᠨ ᠠᠷᠠᠳ ᠲᠦᠮᠡᠨ ᠢ ᠳᠠᠭᠠᠭᠤᠯᠤᠨ ᠮᠠᠨ ᠤ ᠤᠯᠤᠰ ᠤᠨ | ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠴᠠᠭ ᠦᠶ᠎ᠡ ᠶᠢ ᠠᠮᠵᠢᠯᠲᠠ ᠲᠠᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠡᠭᠦᠳᠴᠦ᠂ ᠳ᠋ᠧᠩ ᠰᠢᠶᠣᠣ ᠫᠢᠩ ᠤᠨ ᠤᠨᠤᠯ ᠢ ᠡᠭᠦᠳᠦᠭᠰᠡᠨ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠳᠡᠭᠡᠳᠦ | ᠬᠡᠮᠵᠢᠶ᠎ᠡ ᠪᠠᠷ ᠦᠨᠡᠯᠡᠵᠦ᠂ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ | ᠳ᠋ᠧᠩ ᠰᠢᠶᠣᠣ ᠫᠢᠩ ᠨᠥᠬᠦᠷ ᠤᠨ ᠡᠷᠬᠢᠮ ᠳᠡᠭᠡᠳᠦ ᠬᠤᠪᠢᠰᠬᠠᠯ ᠤᠨ ᠬᠡᠪ ᠨᠠᠮᠪᠠ ᠶᠢ ᠰᠤᠷᠤᠯᠴᠠᠵᠦ᠂ ᠲᠡᠭᠦᠨ ᠤ | ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠰᠣᠳᠣ ᠮᠡᠷᠭᠡᠨ ᠭᠦᠨ ᠭᠦᠨᠵᠡᠭᠡᠢ ᠪᠠᠶᠢᠵᠤ᠂ ᠮᠠᠰᠢ ᠴᠢᠩᠭ᠎ᠠ ᠤᠯᠤᠰ | ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠰᠢᠨ᠎ᠡ ᠴᠠᠭ | ᠦᠶ᠎ᠡ ᠶᠢᠨ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠶᠢ ᠵᠢᠯᠤᠭᠤᠳᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ | ᠮᠢᠶᠣᠣ ᠬᠤᠸᠠ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ ᠤᠷᠢᠳ ᠬᠤᠵᠢᠳ | ᠦᠭᠡ ᠬᠡᠯᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ | ᠬᠤᠳᠠ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ | ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠳ᠋ᠧᠩ ᠰᠢᠶᠣᠣ ᠫᠢᠩ | ᠨᠥᠬᠦᠷ ᠤᠨ ᠲᠦᠷᠦᠯ ᠰᠠᠳᠤᠨ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ | ᠵᠢᠴᠢ ︽ᠪᠦᠭᠦ ᠤᠯᠤᠰ ᠤᠨ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ | ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠳᠤ ᠣᠷᠣᠯᠴᠠᠬᠰᠠᠨ ᠲᠥᠯᠥᠭᠡᠯᠡᠭᠴᠢ ᠨᠠᠷ ᠶᠠᠷᠢᠯᠴᠠᠬᠤ | ᠬᠤᠷᠠᠯ ᠳᠤ ᠣᠷᠣᠯᠴᠠᠪᠠ᠃ |