ᠸᠠᠩ ᠸᠧᠢ ᠳ᠋ᠦᠩ ᠠᠩᠭᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠪᠥᠬᠦ ᠠᠶᠢᠮᠠᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/8/27
      8 ᠳ᠋ᠤᠭᠠᠷ ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯᠯᠠᠬᠤ ᠬᠤᠷᠢᠶᠠᠨ ᠤ ᠡᠷᠬᠢᠯᠡᠭᠴᠢ ᠸᠠᠩ ᠸᠧᠢ ᠳ᠋ᠦᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯᠯᠠᠬᠤ ᠬᠤᠷᠢᠶᠠᠨ ᠤ ᠪᠦᠷᠢᠯᠳᠦᠭᠦᠨ᠂ ᠬᠡᠰᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ᠂ ᠪᠥᠬᠦ ᠠᠶᠢᠮᠠᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠦᠪᠯᠡᠷᠡᠭᠦᠯᠦᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠪᠦᠬᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠲᠦᠭᠡᠯᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠸᠠᠩ ᠸᠧᠢ ᠳ᠋ᠦᠩ ᠨᠠᠷ ᠤᠷᠢᠳ ᠬᠤᠵᠢᠳ ᠰᠤᠪᠨᠠᠭᠤᠷ᠂ ᠰᠤᠪᠨᠠᠭᠤᠷ ᠰᠤᠮᠤ᠂ ᠬᠠᠷ᠎ᠠ ᠬᠤᠲᠠ ᠶᠢᠨ ᠰᠣᠶᠣᠯ ᠢ ᠣᠶᠢᠯᠠᠭᠠᠬᠤ ᠬᠦᠷᠢᠶᠡᠯᠡᠩ᠂ ᠵᠢᠦᠢ ᠶᠠᠨ ᠰᠣᠶᠣᠯ ᠤᠨ ᠬᠤᠲᠠ ᠳᠤ ᠬᠦᠷᠴᠦ᠂ ᠰᠤᠪᠨᠠᠭᠤᠷ ᠤᠨ ᠨᠤᠭᠤ ᠭᠠᠵᠠᠷ ᠤᠨ ᠠᠮᠢ ᠠᠬᠤᠢ ᠶᠢᠨ ᠰᠡᠷᠭᠦᠯᠲᠡ ᠪᠠ ᠬᠠᠮᠠᠭᠠᠯᠠᠯᠲᠠ ᠶᠢᠨ ᠣᠳᠣᠬᠢ ᠪᠠᠶᠢᠳᠠᠯ᠂ ᠰᠤᠪᠨᠠᠭᠤᠷ ᠤᠨ ᠠᠷᠠᠳ ᠤᠨ ᠨᠢᠭᠡᠳᠦᠯ ᠤᠨ ᠬᠠᠭᠤᠴᠢᠨ ᠵᠡᠭᠡᠯᠢ ᠶᠢᠨ ᠬᠥᠭᠵᠢᠯᠲᠡ ᠶᠢᠨ ᠪᠠᠶᠢᠳᠠᠯ᠂ ᠬᠠᠷ᠎ᠠ ᠬᠤᠲᠠ ᠶᠢᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠵᠢᠴᠢ ᠵᠢᠦᠢ ᠶᠠᠨ ᠤ ᠰᠥᠨᠢ ᠶᠢᠨ ᠬᠤᠳᠠᠯᠳᠤᠭᠠᠨ ᠤ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠯ᠂ ᠡᠵᠡᠩᠨᠡᠯᠲᠡ ᠪᠠ ᠬᠥᠭᠵᠢᠯᠲᠡ ᠶᠢᠨ ᠵᠠᠭᠪᠤᠷ ᠵᠢᠴᠢ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢᠨ ᠲᠣᠭᠤᠷᠢᠨ ᠳᠤ ᠭᠦᠨᠵᠡᠭᠡᠢ ᠰᠤᠯᠢᠯᠴᠭ᠎ᠠ ᠬᠢᠵᠦ᠂ ᠵᠢᠯᠣᠭᠤᠳᠤᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠴᠠᠢ᠃ ᠲᠡᠷᠡ ᠬᠡᠯᠡᠬᠦ ᠳᠡᠭᠡᠨ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠭᠦᠨᠵᠡᠭᠡᠢ ᠦᠢᠯᠡᠳᠦᠯᠭᠡᠵᠢᠭᠦᠯᠵᠦ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠨᠠᠭᠰᠢᠳᠠ ᠪᠠᠬᠢᠵᠢᠭᠦᠯᠵᠦ᠂ ᠡᠯ᠎ᠡ ᠲᠦᠷᠦᠯ ᠤᠨ ᠠᠵᠢᠯ ᠳᠤ ᠮᠡᠳᠡᠭᠳᠡᠮ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠴᠢᠨᠠᠭᠰᠢᠳᠠ ᠴᠢᠩᠭᠠᠳᠬᠠᠵᠤ᠂ ᠲᠡᠦᠬᠡ ᠶᠢᠨ ᠤᠯᠠᠮᠵᠢᠯᠠᠯ᠂ ᠠᠷᠠᠳ ᠤᠨ ᠦᠯᠢᠭᠡᠷ᠂ ᠪᠠᠶᠢᠭᠠᠯᠢ ᠶᠢᠨ ᠦᠵᠡᠮᠵᠢ᠂ ᠠᠮᠢᠳᠤᠷᠠᠯ ᠤᠨ ᠥᠩᠭᠡᠷᠡᠭᠡᠯᠲᠡ ᠶᠢ ᠰᠣᠶᠣᠯ ᠵᠤᠭᠠᠴᠠᠯ ᠤᠨ ᠠᠵᠢᠯ ᠳᠤ ᠣᠷᠭᠠᠨᠢᠭ ᠢᠶᠠᠷ ᠠᠭᠤᠰᠤᠯᠴᠠᠭᠤᠯᠤᠨ᠂ ᠤᠳᠤ ᠶᠢᠨ ᠪᠠᠶᠢᠭ᠎ᠠ ᠠᠵᠤ ᠦᠢᠯᠡᠰ ᠲᠤ ᠲᠦᠰᠢᠭᠯᠡᠨ ᠭᠤᠣᠯᠳᠠᠯᠭ᠎ᠠ ᠲᠠᠢ ᠲᠦᠷᠦᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠪᠦᠬᠦ ᠣᠷᠣᠨ ᠪᠦᠰᠡ᠂ ᠪᠦᠬᠦ ᠡᠯᠧᠮᠧᠨ᠋ᠲ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ᠂ ᠸᠠᠩ ᠸᠧᠢ ᠳ᠋ᠦᠩ ᠨᠠᠷ ᠤᠷᠢᠳ ᠬᠤᠵᠢᠳ ᠥᠪᠥᠷ ᠮᠣᠩᠭᠤᠯ ᠤᠨ ᠪᠥᠸᠧ ᠶᠤᠸᠠᠨ ᠤ ᠲᠤᠬᠠᠢ ᠶᠢᠨ ᠭᠠᠵᠠᠷ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠱᠠᠨ ᠾᠧ ᠺᠣᠮᠫᠠᠨᠢ᠂ ᠬᠤᠤ ᠲᠦᠩ ᠺᠣᠮᠫᠠᠨᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠠᠯᠠᠪᠤᠷ ᠲᠤ ᠬᠦᠷᠴᠦ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ᠂ ᠬᠥᠮᠥᠷᠭᠡᠯᠡᠨ ᠬᠠᠳᠠᠭᠠᠯᠠᠬᠤ᠂ ᠤᠬᠢᠶᠠᠵᠤ ᠰᠢᠯᠢᠵᠦ ᠪᠣᠯᠪᠠᠰᠤᠷᠠᠭᠤᠯᠬᠤ᠂ ᠭᠠᠳᠠᠭᠰᠢ ᠲᠡᠭᠡᠭᠡᠪᠦᠷᠢᠯᠡᠬᠦ ᠵᠢᠴᠢ ᠣᠶᠤᠨᠴᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠦᠷᠦᠯ ᠵᠦᠢᠯ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠢᠯᠢ ᠶᠢᠨ ᠠᠷᠠᠳ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠲᠤ᠂ ᠠᠷᠠᠯᠵᠢᠶᠠᠨ ᠤ ᠲᠣᠭᠤᠷᠢᠭ ᠤᠨ ᠲᠠᠰ ᠳᠡᠪᠰᠢᠭᠦᠯᠦᠨ ᠥᠭᠡᠷᠡᠴᠢᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠴᠡᠭᠡ ᠪᠣᠭᠤᠮᠲᠠ ᠶᠢᠨ ᠬᠢᠨ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠬᠢᠯᠢ ᠶᠢᠨ ᠠᠷᠠᠯᠵᠢᠶᠠᠨ ᠤ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ᠂ ᠪᠣᠭᠤᠮᠲᠠ ᠶᠢᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠬᠤ ᠳᠤ ᠠᠰᠢᠭᠲᠠᠢ ᠨᠥᠬᠦᠴᠡᠯ ᠬᠠᠩᠭᠠᠬᠤ ᠬᠡᠷᠡᠭᠲᠡᠢ ᠭᠡᠪᠡ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠨᠤᠭᠤ ᠭᠠᠵᠠᠷ ᠤᠨ ᠰᠣᠶᠣᠯ ᠤᠨ ᠴᠡᠴᠡᠷᠯᠢᠭ ᠤᠨ ᠬᠠᠮᠢᠶᠠᠷᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠴᠢᠷᠮᠠᠶᠢᠵᠤ᠂ ᠬᠤᠳᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠣᠯᠣᠨ ᠨᠤᠭᠤᠷᠠᠭᠤᠯᠤᠯᠲᠠ ᠬᠢᠭᠰᠡᠨ ᠭᠠᠵᠠᠷ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯ ᠦᠢᠯᠡᠰ ᠲᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ︾ ᠤᠯᠠᠨ ᠤᠯᠤᠰ ᠤᠨ ᠵᠤᠭᠠᠴᠠᠯ ᠤᠨ ᠬᠠᠷᠠᠯᠲᠠᠲᠤ ᠣᠷᠣᠨ ᠢ ᠪᠠᠶᠢᠭᠤᠯᠬᠤ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠰᠡᠳᠬᠢᠴᠡ ᠶᠢᠨ ᠲᠣᠭᠤᠷᠢᠨ ᠳᠤ᠂ ᠬᠤᠳᠠ ᠶᠢᠨ ᠨᠣᠭᠤᠭᠠᠷᠠᠭᠤᠯᠤᠯᠲᠠ ᠶᠢᠨ ᠠᠵᠢᠯ ᠢ ᠴᠢᠨᠠᠷ ᠰᠠᠶᠢᠲᠠᠢ ᠠᠬᠢᠭᠤᠯᠵᠤ᠂ ᠰᠠᠭᠤᠭᠠᠯᠢ ᠠᠷᠠᠳ ᠢ ᠭᠠᠳᠠᠭᠰᠢ ᠭᠠᠷᠴᠤ ᠨᠣᠭᠤᠭᠠᠷᠠᠭᠤᠯᠵᠤ᠂ ᠠᠮᠢ ᠠᠬᠤᠢ ᠶᠢᠨ ᠠᠰᠠᠷᠠᠮᠵᠢ ᠶᠢ ᠡᠳ᠋ᠯᠡᠭᠦᠯᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号