ᠮᠠᠨ ᠤ ᠬᠤᠰᠢᠭᠤ ︽ᠥᠩᠭᠡ ᠢᠯᠭᠠᠷᠠᠭᠰᠠᠨ ᠤᠯᠠᠭᠠᠨ ᠰᠤᠬᠠᠢ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠣᠭᠳᠠᠭᠤᠯᠪᠠ
ᠨᠡᠶᠢᠲᠡᠯᠡᠭᠰᠡᠨ ᠴᠠᠭ᠄
2024/8/29
      8 ᠰᠠᠷ᠎ᠠ ᠶᠢᠨ 26᠎ ᠤ ᠣᠷᠣᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ 2024· ︽  ᠥᠩᠭᠡ ᠢᠯᠭᠠᠷᠠᠭᠰᠠᠨ ᠤᠯᠠᠭᠠᠨ ᠰᠤᠬᠠᠢ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠬᠤᠰᠢᠭᠤᠨ ᠤ ᠵᠢᠦᠢ ᠶᠠᠨ ᠮᠢᠩ ᠶᠤᠸᠡᠢ ᠰᠥᠨᠢ ᠶᠢᠨ ᠵᠡᠭᠡᠯᠢ ᠲᠣᠭᠤᠷᠢᠭ ᠤᠨ ᠲᠠᠯᠠᠪᠠᠶ ᠳᠤ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠨ᠂ ᠲᠣᠭᠯᠠᠯᠲᠠ ᠶᠢ ᠰᠣᠨᠢᠷᠬᠠᠭᠰᠠᠨ ᠰᠠᠭᠤᠭᠠᠯᠢ ᠠᠷᠠᠳ᠂ ᠵᠤᠭᠠᠴᠠᠭᠰᠠᠳ ᠬᠤᠶᠠᠷ ᠮᠢᠩᠭ᠎ᠠ ᠭᠠᠷᠤᠢ ᠳᠤ ᠬᠦᠷᠦᠭᠰᠡᠨ ᠪᠠᠶᠢᠨ᠎ᠠ᠃      ᠤᠷᠠᠨ ᠰᠠᠶᠢᠬᠠᠨ ᠤ ᠦᠳᠡᠰᠢᠯᠡᠭᠡ ᠨᠢ ᠬᠠᠮᠳᠤ ᠶᠢᠨ ᠪᠥᠵᠢᠭ ︽ᠢᠯᠭᠤᠮ ᠠᠶᠠᠯᠭᠤ︾᠎ ᠶᠢᠨ ᠳᠤᠮᠳᠠ ᠬᠥᠰᠢᠭᠡ ᠪᠠᠨ ᠰᠡᠬᠦᠵᠦ᠂ ᠭᠤᠷᠪᠠᠯᠠᠯ ᠳᠠᠭᠤᠤ ︽ᠤᠯᠠᠭᠠᠨ ᠰᠤᠬᠠᠢ︾᠂ ᠥᠨᠳᠤᠰᠣᠳᠠᠨ ᠤ ᠬᠤᠪᠴᠠᠰᠤ ᠵᠠᠰᠠᠯ ᠤᠨ ᠥᠵᠡᠬᠦᠯᠭᠡ ︽ᠴᠤᠭ ᠵᠢᠪᠬᠤᠭ᠎ᠠ︾ ᠂  ᠭᠤᠴᠣᠯᠠᠯ ᠳᠠᠭᠤᠤ ︽ᠪᠠᠶᠠᠷ ᠤᠨ ᠡᠳᠤᠷ ᠤᠨ ᠢᠷᠦᠬᠡᠯ︾᠂ ᠰᠠᠪᠠᠷᠲᠡᠩ ᠪᠥᠵᠢᠭ ︽ᠡᠷᠬᠢᠮᠰᠦᠭ ᠬᠡᠮᠨᠠᠯ︾ ᠵᠡᠷᠭᠡ 10 ᠭᠠᠷᠤᠢ ᠠᠭᠤᠯᠭ᠎ᠠ ᠪᠠᠶᠠᠯᠢᠭ ᠤᠳᠬ᠎ᠠ ᠳᠡᠬᠦᠯᠲᠡᠷ ᠳᠣᠭᠯᠠᠯᠳᠠ ᠨᠢ ᠥᠵᠡᠭᠴᠢᠳ ᠣᠯᠠᠨ ᠤ ᠬᠠᠷᠠᠭ᠎ᠠ ᠶᠢ ᠪᠠᠶᠠᠰᠬᠠᠨ ᠰᠡᠳᠬᠢᠯ ᠢ ᠰᠡᠷᠬᠦᠬᠡᠵᠦ᠂ ᠤᠷᠠᠨ ᠰᠠᠶᠢᠬᠠᠨ ᠤ ᠲᠣᠭᠯᠠᠯᠲᠠ ᠪᠠᠷ ᠨᠣᠳᠤᠭ ᠣᠷᠣᠨ ᠤ ᠥᠨᠳᠣᠰᠣᠳᠠᠨ ᠤ ᠰᠣᠶᠣᠯ ᠢ ᠳᠡᠯᠭᠡᠨ ᠥᠵᠡᠬᠦᠯᠵᠦ᠂ ᠡᠬᠡ ᠣᠷᠣᠨ ᠳᠠᠭᠠᠨ ᠬᠠᠶᠢᠷᠠᠳᠠᠢ ᠪᠠᠶᠢᠬᠤ ᠰᠡᠳᠬᠢᠯᠭᠡ ᠪᠠ ᠰᠠᠶᠢᠨ ᠰᠠᠶᠢᠬᠠᠨ ᠠᠮᠢᠳᠣᠷᠠᠯ ᠤᠨ ᠬᠥᠭᠡᠭᠡᠴᠡᠯᠳᠣᠯ ᠢ ᠬᠥᠢᠴᠡᠳ ᠬᠠᠷᠠᠭᠤᠯᠵᠠᠢ᠃      ᠵᠢᠭᠤᠯᠴᠢᠯᠠᠭᠴᠢ ᠶᠡᠡ ᠱᠤᠸᠠᠩ ᠰᠢ᠄ ︽ᠰᠤᠶᠤᠯ ᠵᠤᠭᠠᠴᠠᠯ ᠤᠨ ᠰᠢᠷᠢᠰ ᠠᠵᠢᠯᠯᠠᠭ᠎ᠠ ᠶᠢᠨ ᠡᠬᠢᠯᠠᠯᠳᠠ ᠶᠢᠨ ᠶᠤᠰᠤᠯᠠᠯ ᠢ ᠡᠵᠡᠨ᠎ᠡ ᠬᠤᠰᠢᠭᠤᠨ ᠠᠴᠠ ᠮᠠᠰᠢ ᠰᠠᠶᠢᠨ ᠡᠷᠬᠢᠯᠠᠵᠤ᠂ ᠡᠨᠡᠬᠦ ᠬᠡᠯᠪᠠᠷᠢ ᠨᠢ ᠮᠠᠨ ᠤ ᠵᠣᠭᠠᠴᠠᠭᠴᠢᠳ ᠤᠨ ᠠᠩᠬᠠᠷᠣᠯ ᠢ ᠶᠡᠬᠡᠪᠡᠷ ᠳᠠᠳᠠᠭᠰᠠᠨ ᠢᠶᠠᠷ ᠪᠠᠷᠠᠬᠤ ᠦᠭᠡᠢ ᠪᠦᠬᠦ᠋ᠢᠯᠡ ᠵᠢᠭᠤᠯᠴᠢᠯᠠᠯ ᠤᠨ ᠠᠵᠢᠯ ᠢ ᠴᠦ ᠡᠵᠡᠨ᠎ᠡ ᠬᠤᠰᠢᠭᠤ ᠮᠠᠰᠢ ᠰᠠᠶᠢᠨ ᠴᠣᠭᠴᠠᠯᠠᠭᠰᠠᠨ ᠪᠠᠶᠢᠨ᠎ᠠ ᠭᠡᠵᠦ ᠥᠵᠡᠵᠦ ᠪᠠᠶᠢᠨ᠎ᠠ︾ ᠭᠡᠪᠡ᠃      ᠡᠨᠡ ᠤᠳᠠᠭᠠᠨ ᠤ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠨᠢ ᠡᠵᠡᠨ᠎ᠡ ᠬᠤᠰᠢᠭᠤᠨ ᠤ ᠤᠯᠠᠭᠠᠨᠮᠥ᠋ᠴᠢᠷ᠂ ᠡᠵᠡᠨ᠎ᠡ ᠬᠤᠰᠢᠭᠤᠨ ᠤ ᠰᠠᠪᠠᠷᠳᠠᠩ ᠨᠡᠶᠢᠭᠡᠮᠯᠢᠭ ᠵᠡᠷᠭᠡ ᠳᠣᠭᠯᠠᠭᠴᠢᠳ ᠪᠠᠷ ᠪᠦᠷᠢᠯᠳᠦᠵᠦ᠂ ᠥᠳᠡᠰᠢᠯᠡᠭᠡ ᠳᠤ ᠪᠠᠰᠠ ᠤᠯᠠᠨ ᠤ ᠳᠠᠭᠠᠰᠢᠶᠠᠯ ᠳᠤ ᠬᠦᠷᠦᠭᠰᠡᠨ ᠡᠵᠡᠨ᠎ᠡ ᠶᠢᠨ ᠠᠮᠳᠠᠳᠤ ᠬᠤᠭᠤᠯᠠᠨ ᠭᠡᠷ᠂ ᠠᠮᠲᠠᠲᠤ ᠢᠳᠡᠭᠡᠨ ᠤ ᠫᠠᠶᠢᠰᠠ ᠣᠯᠭᠤᠬᠤ ᠶᠣᠰᠣᠯᠠᠯ ᠢ ᠶᠠᠪᠣᠭᠳᠠᠭᠤᠯᠵᠠᠢ᠃      ᠰᠧᠴᠤᠸᠠᠨ ᠤ ᠠᠮᠲᠠᠲᠤ ᠢᠳᠡᠭᠡᠨ ᠬᠠᠯᠠᠭᠤᠨ ᠳᠤᠭᠤᠭᠠᠨ ᠤ ᠥᠷᠦᠭᠡ᠂ ᠰᠧᠴᠤᠸᠠᠨ ᠤ ᠠᠮᠲᠠᠲᠤ ᠠᠷᠢᠬᠢᠨ ᠮᠤᠬᠤᠯᠠᠭ ᠤᠨ ᠡᠵᠡᠨ ᠵᠤᠤ ᠳ᠋ᠦᠸᠧ ᠶᠠᠩ ︵ᠰᠣᠶᠣᠯ ᠵᠢᠭᠤᠯᠴᠢᠯᠠᠯ ᠤᠨ ᠲᠣᠪᠴᠢᠶᠠᠨ ᠤ ᠫᠠᠶᠢᠰᠠ ᠣᠯᠭᠤᠬᠤ ᠶᠤᠰᠤᠯᠠᠯ ᠎ ᠳᠤ ᠣᠷᠣᠯᠴᠠᠭᠰᠠᠨ ᠎ ᠳᠤ ᠮᠠᠰᠢ ᠠᠵᠠᠲᠠᠢ ᠰᠠᠨᠠᠭᠳᠠᠯ᠎ᠠ᠃ ᠮᠠᠨ ᠤ ᠳᠡᠯᠭᠡᠭᠦᠷ ᠨᠡᠶᠢᠲᠡ ᠭᠤᠷᠪᠠᠨ ᠱᠠᠩᠨᠠᠯ ᠬᠦᠷᠲᠡᠪᠡ᠃ 20 ᠭᠠᠷᠤᠢ ᠵᠢᠯ ᠤᠨ ᠬᠤᠭᠤᠯᠠᠨ ᠭᠡᠷ ᠢ ᠡᠷᠬᠢᠯᠡᠭᠰᠡᠨ ᠤ ᠬᠤᠪᠢ ᠳᠤ᠂ ᠪᠢᠳᠡ ᠪᠦᠯᠬᠦᠮ ᠢᠶᠠᠨ ᠳᠠᠭᠠᠭᠤᠯᠤᠨ ᠢᠳᠡᠭᠡᠨ ᠤ ᠲᠦᠭᠦᠬᠡᠢ ᠡᠳ᠋ ᠬᠤᠳᠠᠯᠳᠤᠨ ᠠᠪᠬᠤ᠂ ᠦᠢᠯᠡᠴᠢᠯᠡᠭᠡᠨ ᠤ ᠡᠷᠡᠭᠦᠯ ᠬᠠᠮᠠᠭᠠᠯᠠᠯ ᠳᠤ ᠤᠯᠠᠮ ᠴᠢᠩᠭ᠎ᠠ ᠱᠠᠭᠠᠷᠳᠠᠯᠭ᠎ᠠ ᠲᠠᠯᠪᠢᠵᠤ ᠪᠠᠶᠢᠨ᠎ᠠ᠃︶       ᠰᠤᠬᠠᠢ ᠶᠢᠨ ᠨᠠᠶᠢᠷ ᠤᠨ ᠴᠣᠪᠣᠷᠠᠯ ᠠᠵᠢᠯᠯᠠᠭ᠎ᠠ ᠳᠤ ᠪᠠᠰᠠ ᠰᠤᠬᠠᠢ ᠪᠠᠷ ᠰᠡᠳᠦᠪᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ  ᠵᠢᠷᠤᠭ ᠵᠢᠴᠢ  ᠪᠤᠳᠠᠰ ᠶᠢᠨ ᠪᠤᠰᠤ ᠰᠣᠶᠣᠯ ᠤᠨ ᠥᠪ ᠤᠨ ᠥᠵᠡᠰᠬᠦᠯᠡᠩ ᠢ ᠳᠡᠯᠭᠡᠨ ᠥᠵᠡᠬᠦᠯᠵᠦ᠂ ᠪᠠᠰᠠ ᠱᠤᠷᠤᠯᠠᠭ ᠲᠠᠢ ᠳᠠᠭᠤᠤ ᠬᠦᠭᠵᠢᠮ ᠤᠨ ᠴᠢᠭᠤᠯᠭᠠᠨ ᠢᠶᠠᠷ ᠨᠡᠩ ᠣᠯᠠᠨ ᠵᠢᠭᠤᠯᠴᠢᠳ ᠤᠨ ᠠᠩᠬᠠᠷᠣᠯ ᠢ ᠲᠠᠳᠠᠡ᠂ ᠡᠵᠡᠨ᠎ᠡ ᠨᠣᠳᠤᠭ ᠢᠶᠠᠨ ᠵᠢᠭᠤᠯᠴᠢᠳ ᠲᠤ ᠪᠦᠷᠢᠨ ᠬᠦᠢᠴᠡᠳ ᠳᠠᠨᠢᠯᠴᠠᠵᠤ᠂ ᠡᠵᠡᠨ᠎ᠡ ᠶᠢᠨ ᠨᠡᠷ᠎ᠡ ᠠᠯᠳᠠᠷᠰᠢᠯ ᠢ ᠨᠡᠩ ᠴᠢᠨᠠᠭᠰᠢᠳᠠ ᠮᠠᠨᠳᠣᠭᠤᠯᠬᠤ ᠎ ᠳᠤ ᠢᠳᠡᠪᠬᠢᠲᠠᠢ ᠤᠶᠢᠯᠡᠳᠣᠯ ᠥᠵᠡᠬᠦᠯᠦᠭᠰᠡᠨ ᠪᠠᠶᠢᠨ᠎ᠠ᠃       ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠨᠠᠷᠠᠰᠤ᠄       ︽ᠪᠢᠳᠡ ᠣᠯᠠᠨ ᠡᠰᠢᠲᠦ ᠬᠡᠯᠪᠡᠷᠢ ᠶᠢᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠥᠷᠭᠡᠨ ᠣᠯᠠᠨ ᠵᠢᠭᠤᠯᠴᠢᠯᠠᠭᠴᠢᠳ ᠲᠤ ᠡᠵᠡᠨ᠎ᠡ ᠬᠤᠰᠢᠭᠤᠨ ᠤ ᠣᠨᠴᠠᠯᠢᠭᠲᠤ ᠰᠣᠶᠣᠯ ᠢ ᠭᠦᠢᠴᠡᠳ ᠳᠡᠯᠭᠡᠨ ᠦᠵᠡᠭᠦᠯᠵᠦ᠂ ᠡᠵᠡᠨ᠎ᠡ ᠬᠤᠰᠢᠭᠤᠨ ᠤ ᠭᠦᠨ ᠵᠤᠵᠠᠭᠠᠨ ᠰᠣᠶᠣᠯ ᠤᠨ ᠰᠠᠭᠤᠷᠢ ᠪᠠ ᠪᠠᠶᠢᠭᠠᠯᠢ ᠶᠢᠨ ᠥᠩᠭᠡ ᠦᠵᠡᠮᠵᠢ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠶᠡᠬᠡᠪᠡᠷ ᠤᠬᠠᠭᠤᠯᠤᠨ᠂ ᠡᠵᠡᠨ᠎ᠡ ᠬᠤᠰᠢᠭᠤᠨ ᠤ ᠨᠠᠮᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠠᠭᠤᠯᠭ᠎ᠠ ᠶᠢ ᠨᠡᠮᠡᠭᠳᠡᠭᠦᠯᠵᠦ᠂ ᠡᠵᠡᠨ᠎ᠡ ᠶᠢᠨ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠪᠣᠯᠣᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号