ᠪᠠᠶᠠᠨᠳᠤᠤᠷᠠᠢ ᠰᠤᠮᠤ ᠮᠠᠯᠴᠢᠨ ᠲᠡᠷᠢᠶᠠᠴᠢᠨ ᠳᠠᠭᠠᠨ ᠡᠪᠡᠰᠦ ᠪᠣᠷᠳᠤᠭ᠎ᠠ ᠲᠦᠭᠡᠭᠡᠵᠦ᠂ ᠭᠠᠩ ᠬᠠᠭᠰᠠᠷᠠᠭᠠᠨ ᠲᠠᠢ ᠲᠡᠮᠡᠴᠡᠨ᠎ᠡ
ᠨᠡᠶᠢᠲᠡᠯᠡᠭᠰᠡᠨ ᠴᠠᠭ᠄
2024/8/29
      ᠵᠤᠨ ᠤ ᠤᠯᠠᠷᠢᠯ ᠠᠴᠠ ᠨᠠᠭᠠᠰᠢᠬᠢ ᠦᠷᠭᠦᠯᠵᠢᠯᠡᠭᠰᠡᠨ ᠥᠨᠳᠥᠷ ᠬᠠᠯᠠᠭᠤᠨ ᠠᠴᠠ ᠪᠣᠯᠵᠤ ᠂ ᠪᠠᠶᠠᠨᠳᠤᠤᠷᠠᠢ ᠰᠤᠮᠤᠨ ᠤ ᠨᠤᠲᠤᠭ ᠪᠡᠯᠴᠢᠭᠡᠷ ᠠᠳᠠᠯᠢ ᠪᠤᠰᠤ ᠬᠡᠮᠵᠢᠶ᠎ᠡ ᠪᠠᠷ ᠭᠠᠩᠳᠠᠵᠤ ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ ᠦᠵᠡᠭᠦᠯᠦᠭᠰᠡᠨ ᠪᠠᠶᠢᠨ᠎ᠠ ᠃      ᠮᠠᠯᠴᠢᠨ ᠲᠠᠷᠢᠶᠠᠴᠢᠨ ᠢ ᠬᠠᠪᠰᠤᠷᠤᠨ ᠭᠠᠩ ᠬᠠᠭᠰᠠᠷᠠᠭᠠᠨ ᠢ ᠤᠷᠤᠭᠰᠢᠲᠠᠢ ᠲᠤᠭᠤᠯᠵᠤ ᠂ ᠰᠤᠮᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠳᠤᠯᠠᠬᠤ ᠶᠢᠨ ᠲᠥᠯᠥᠭᠡ᠂ ᠰᠤᠮᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠠᠴᠠ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠤᠨ 70 ᠲᠣᠨ ᠡᠪᠡᠰᠦ ᠪᠣᠷᠳᠤᠭ᠎ᠠ ᠬᠤᠳᠠᠯᠳᠤᠨ ᠠᠪᠴᠤ᠂ 70 ᠭᠠᠷᠤᠢ ᠡᠷᠦᠬᠡ ᠳᠤ ᠲᠦᠭᠡᠭᠡᠨ ᠦᠭᠴᠦ ᠠᠰᠢᠭ  ᠬᠦᠷᠳᠡᠭᠡᠨ ᠂ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠮᠠᠯᠴᠢᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃      ᠳᠠᠷᠠᠭᠠᠴᠢ ᠶᠢᠨ ᠠᠯᠬᠤᠮ ᠳᠤ ᠂ ᠪᠠᠶᠠᠨᠳᠤᠤᠷᠠᠢ ᠰᠤᠮᠤ ᠦᠷᠭᠦᠯᠵᠢᠯᠡᠨ ᠠᠷᠠᠳ ᠲᠤ ᠪᠣᠳᠠᠲᠠᠢ ᠶᠠᠪᠤᠳᠠᠯ ᠬᠢᠬᠦ ᠪᠠᠷ ᠬᠦᠴᠦᠯᠦᠨ ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ ᠂ ᠨᠠᠮ ᠪᠣᠯᠣᠨ ᠵᠠᠰᠠᠭ ᠤᠨ ᠬᠠᠶᠢᠷ᠎ᠠ ᠬᠠᠯᠠᠮᠵᠢ ᠶᠢ ᠮᠠᠯᠴᠢᠨ ᠲᠠᠷᠢᠶᠠᠴᠢᠨ ᠤ ᠳᠡᠷᠭᠡᠳᠡ ᠬᠦᠷᠭᠡᠵᠦ ᠂ ᠲᠡᠳᠡᠨᠡᠷ  ᠤᠨ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃  
 
ᠢᠷᠡᠯᠲᠡ᠄ ᠪᠠᠶᠠᠨᠳᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号