ᠬᠠᠷ᠎ᠠ ᠪᠦᠷᠭᠦᠳ ᠤᠨ ᠠᠭᠤᠯᠠ ᠪᠠᠯᠭᠠᠰᠣ ︽ᠪᠢᠴᠢᠭ ᠤᠨ ᠦᠨᠦᠷ ᠬᠠᠩᠬᠤᠯᠠᠭᠤᠯᠵᠣ ᠤᠭ ᠰᠠᠨᠠᠭ᠎ᠠ ᠪᠠᠨ ᠤᠮᠳᠠᠯᠠᠶ᠎ᠠ︾ ᠭᠡᠬᠦ ᠭᠤᠣᠯ ᠰᠡᠳᠦᠪᠲᠦ ᠨᠣᠮ ᠤᠩᠰᠢᠨ ᠰᠣᠯᠢᠯᠴᠠᠬᠤ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2024/8/29
    ᠶᠡᠷᠦᠩᠬᠡᠢ ᠱᠦᠵᠢ ᠰᠢ ᠶᠢᠨ ᠫᠢᠩ  ᠤᠨ ᠨᠣᠮ ᠤᠩᠰᠢᠵᠤ ᠰᠤᠷᠤᠯᠴᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠣ᠂ ᠨᠠᠮ ᠤᠨ ᠭᠡᠰᠢᠭᠦᠨ ᠺᠠᠳ᠋ᠷᠴᠤᠳ ᠢ ᠦᠷᠭᠦᠯᠵᠢᠯᠡᠨ ᠬᠥᠲᠥᠯᠥᠨ ᠵᠢᠯᠤᠭᠤᠳᠴᠤ ᠰᠤᠷᠴᠤ ᠰᠡᠳᠬᠢᠬᠦ ᠳᠤᠷᠠᠲᠠᠢ᠂ ᠨᠣᠮ ᠤᠩᠰᠢᠬᠤ ᠳᠤᠷᠠᠲᠠᠢ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠬᠡᠪ ᠴᠢᠨᠠᠷ ᠪᠠ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠤᠶᠤᠨ ᠰᠠᠨᠠᠭᠠᠨ ᠤ ᠺᠠᠯᠼ ᠢ ᠨᠢ ᠭᠦᠢᠴᠡᠳ ᠨᠥᠬᠦᠪᠦᠷᠢᠯᠡᠵᠦ᠂ ᠰᠣᠶᠣᠯ ᠢᠷᠭᠡᠨᠰᠢᠯ ᠤᠨ ᠬᠠᠶᠢᠷ᠎ᠠ ᠰᠡᠳᠬᠢᠯᠭᠡ ᠶᠢ ᠨᠢ ᠬᠠᠳᠠᠭᠠᠯᠠᠭᠤᠯᠬᠤ ᠶᠢᠨ ᠲᠤᠯᠠᠲᠠ᠂ 8 ᠰᠠᠷ᠎ᠠ ᠶᠢᠨ 23  ᠤ ᠡᠳᠦᠷ᠂  ᠬᠠᠷ᠎ᠠ ᠪᠦᠷᠭᠦᠳ ᠤᠨ ᠠᠭᠤᠯᠠ  ᠪᠠᠯᠭᠠᠰᠣᠨ ᠤ ᠬᠢᠨ ᠦᠨᠳᠦᠰᠦᠨ ᠱᠠᠲᠤᠨ ᠤ ᠨᠠᠮ ᠤᠨ ᠰᠤᠷᠭᠠᠭᠤᠯᠢ᠂ ᠲᠠᠯ᠎ᠠ ᠨᠤᠲᠤᠭ ᠤᠨ ᠨᠣᠮ ᠤᠨ ᠦᠷᠦᠬᠡ ᠶᠢᠨ ᠰᠣᠶᠣᠯ ᠤᠨ ᠵᠢᠭᠰᠠᠭᠠᠯ ᠤᠨ ᠭᠠᠵᠠᠷ ᠲᠤ ᠲᠦᠰᠢᠭᠯᠡᠨ᠂ ︽ᠪᠢᠴᠢᠭ ᠤᠨ ᠦᠨᠦᠷ ᠬᠠᠩᠬᠤᠯᠠᠭᠤᠯᠵᠣ ᠤᠭ ᠰᠠᠨᠠᠭ᠎ᠠ ᠪᠠᠨ ᠤᠮᠳᠠᠯᠠᠬᠤ︾ ᠭᠤᠣᠯ ᠰᠡᠳᠦᠪᠲᠦ ᠨᠣᠮ ᠣᠩᠰᠢᠬᠤ ᠠᠵᠢᠯᠯᠠᠭ᠎ᠠ ᠥᠷᠨᠢᠭᠦᠯᠵᠦ᠂ ᠺᠠᠳ᠋ᠷ ᠠᠵᠢᠯᠲᠠᠳ ᠤᠨ ᠮᠡᠳᠡᠯᠭᠡ ᠶᠢᠨ ᠨᠢᠭᠤᠴᠠ ᠶᠢ ᠬᠠᠮᠲᠤᠪᠠᠷ ᠬᠠᠶᠢᠨ ᠰᠦᠪᠡᠭᠴᠢᠯᠡᠵᠦ᠂ ᠤᠶᠤᠨ ᠤᠬᠠᠭᠠᠨ ᠤ ᠣᠴᠢ ᠶᠢ ᠬᠠᠮᠲᠤᠪᠠᠷ ᠡᠳ᠋ᠯᠡᠬᠦ ᠶᠢ ᠵᠣᠷᠢᠭᠵᠢᠭᠤᠯᠪᠠ᠃    ᠠᠵᠢᠯᠯᠠᠭ᠎ᠠ ᠶᠢᠨ ᠳᠤᠮᠳᠠ᠂ ᠪᠠᠶᠢᠭᠤᠯᠤᠯᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ ᠵᠢᠴᠢ ᠭᠠᠴᠠᠭ᠎ᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠣᠷᠣᠯᠴᠠᠭᠰᠠᠳ  ᠥᠪᠡᠷ ᠢᠶᠠᠨ ᠰᠣᠩᠭᠤᠭᠰᠠᠨ ᠨᠣᠮ ᠪᠢᠴᠢᠭ᠂ ᠭᠤᠶᠢᠳᠠ ᠰᠠᠶᠢᠬᠠᠨ ᠵᠣᠬᠢᠶᠠᠯ ᠢ ᠲᠠᠨᠢᠯᠴᠠᠭᠤᠯᠤᠨ ᠤᠩᠰᠢᠵᠤ ᠰᠣᠯᠢᠯᠴᠡᠪᠠ᠃ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠳᠡᠯᠭᠡᠵᠦ᠂ ᠤᠩᠰᠢᠭᠰᠠᠨ᠂ ᠰᠡᠳᠬᠢᠭᠰᠡᠨ᠂ ᠣᠯᠣᠭᠰᠠᠨ ᠢᠶᠠᠨ ᠶᠠᠷᠢᠵᠤ᠂ ᠪᠣᠷᠣᠭᠵᠢᠭᠤᠨ ᠦᠭᠡ ᠦᠰᠦᠭ᠂ ᠤᠷᠤᠰᠤᠮ᠎ᠠ ᠦᠭᠡ ᠬᠡᠯᠡ᠂ ᠦᠨᠡᠨᠴᠢ ᠰᠡᠳᠬᠢᠯᠭᠡ ᠪᠠᠷ ᠢᠶᠠᠨ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠳᠠᠪᠬᠤᠷᠭ᠎ᠠ ᠠᠴᠠ ᠨᠣᠮ ᠤᠩᠰᠢᠭᠰᠠᠨ ᠣᠯᠣᠯᠲᠠ ᠲᠥᠷᠥᠭᠳᠡᠯ ᠢᠶᠠᠨ ᠶᠠᠷᠢᠯᠴᠠᠵᠤ᠂ ᠥᠷᠭᠡᠨ ᠳᠡᠯᠭᠡᠷ ᠰᠣᠯᠢᠯᠴᠠᠭ᠎ᠠ ᠳᠤᠮᠳᠠ ᠣᠳᠣᠬᠠᠨ ᠤ ᠠᠵᠢᠯ ᠠᠮᠢᠳᠤᠷᠠᠯ ᠤᠨ ᠲᠤᠬᠠᠢ ᠪᠣᠳᠣᠯᠬᠢᠯᠠᠯ ᠦᠵᠡᠯᠲᠡ ᠪᠠ ᠬᠤᠪᠢ ᠬᠥᠮᠥᠨ ᠤ ᠲᠥᠷᠥᠭᠳᠡᠯ ᠢᠶᠠᠨ ᠭᠦᠨᠵᠡᠭᠡᠢ ᠰᠤᠳᠤᠯᠤᠨ ᠶᠠᠷᠢᠯᠴᠠᠵᠠᠭᠠᠪᠠ᠃    ᠬᠠᠮᠲᠤ ᠪᠠᠷ ᠡᠳ᠋ᠯᠡᠵᠦ ᠰᠣᠯᠢᠯᠴᠠᠬᠤ ᠪᠠᠷ ᠲᠠᠮᠵᠢᠨ᠂ ᠤᠯᠠᠨ ᠢᠶᠠᠷ ᠢᠶᠠᠨ ᠰᠣᠩᠭᠤᠳᠠᠭ ᠪᠦᠲᠦᠭᠡᠯ ᠤᠳ ᠢ ᠠᠭᠤᠵᠢᠷᠠᠲᠠᠯ᠎ᠠ ᠶᠠᠷᠢᠯᠴᠠᠵᠤ᠂ ᠠᠮᠢᠳᠤ ᠴᠣᠪᠣᠭᠤᠯᠢᠭ ᠬᠥᠮᠥᠰ ᠪᠠ ᠬᠡᠷᠡᠭ ᠶᠠᠪᠤᠳᠠᠯ ᠤᠳ ᠢ ᠣᠶᠢᠯᠠᠭᠠᠵᠤ᠂ ᠠᠳᠠᠯᠢ ᠪᠤᠰᠤ ᠪᠦᠲᠦᠭᠡᠯ ᠤᠨ ᠤᠳᠬ᠎ᠠ ᠵᠣᠬᠢᠶᠠᠯ ᠤᠨ ᠷᠢᠳᠢ ᠰᠢᠳᠢ ᠪᠠ ᠭᠦᠨ ᠠᠭᠤᠯᠤᠭᠳᠠᠬᠤᠨ ᠢ ᠬᠠᠮᠲᠤ ᠪᠠᠷ       ᠣᠶᠢᠯᠠᠭᠠᠵᠤ᠂ ᠮᠡᠳᠡᠯᠭᠡ ᠶᠢᠨ ᠦᠪᠡᠳᠡᠭᠰᠢ ᠨᠠᠶᠢᠷ ᠢ ᠬᠠᠮᠲᠤ ᠪᠠᠷ ᠡᠳ᠋ᠯᠡᠵᠦ᠂ ᠰᠣᠶᠣᠯ ᠤᠨ ᠰᠢᠨ᠎ᠡ ᠥᠨᠳᠥᠷᠴᠡ ᠶᠢ ᠬᠠᠮᠲᠤ ᠪᠠᠷ  ᠴᠣᠭᠴᠠᠯᠠᠪᠠ᠃ ᠣᠷᠣᠯᠴᠠᠭᠰᠠᠳ ᠤᠨ ᠦᠵᠡᠬᠦ ᠪᠠᠷ᠂ ︽ᠬᠡᠬᠦᠳᠡᠭ ᠴᠡᠭᠡᠵᠢᠨ ᠳᠡᠭᠡᠨ ᠰᠢᠯᠦᠭ ᠪᠢᠴᠢᠭ ᠲᠠᠢ ᠪᠣᠯᠪᠠᠰᠤ ᠴᠤᠭ ᠵᠢᠪᠬᠤᠭ᠎ᠠ ᠪᠠᠳᠠᠷᠠᠮᠤᠶ᠂ ᠬᠠᠮᠤᠭ ᠠᠴᠠ ᠢᠯᠡᠭᠦᠦ ᠪᠢᠴᠢᠭ ᠤᠨ ᠰᠤᠷᠪᠤᠯᠵᠢ ᠠᠴᠠ ᠬᠤᠯᠠ ᠶᠢᠨ ᠵᠣᠷᠢᠯᠭ᠎ᠠ ᠳᠤ ᠬᠦᠷᠴᠦ ᠴᠢᠳᠠᠮᠤᠢ︾᠂ ᠨᠣᠮ ᠪᠢᠴᠢᠭ ᠲᠤ ᠡᠷᠳᠡᠮ ᠮᠡᠳᠡᠯᠭᠡ ᠲᠠᠢ᠂ ᠠᠮᠢᠳᠤᠷᠠᠯ ᠲᠠᠢ᠂ ᠤᠶᠤᠨ ᠤᠬᠠᠭᠠᠨ ᠲᠠᠢ ᠪᠠᠶᠢᠳᠠᠭ ᠢᠶᠠᠷ ᠪᠠᠷᠠᠬᠤ ᠦᠭᠡᠢ᠂ ᠨᠡᠩ ᠴᠤ ᠪᠢᠳᠡᠨ ᠳᠤ ᠥᠪᠡᠷ ᠤᠨ ᠭᠡᠰᠡᠨ ᠲᠡᠷᠡᠬᠦ ︽ᠲᠡᠭᠦᠰ ᠠᠮᠵᠢᠯᠲᠠ︾ ᠶᠢ ᠣᠯᠭᠤᠭᠰᠠᠨ ᠶᠤᠮ᠂ ᠨᠣᠮ ᠪᠢᠴᠢᠭ ᠤᠩᠰᠢᠬᠤ ᠨᠢ ᠪᠢᠳᠡᠨ ᠢ ᠮᠢᠩᠭᠠᠨ ᠵᠢᠯ ᠤᠨ ᠲᠤᠷᠰᠢ       ᠰᠡᠳᠬᠢᠵᠦ᠂ ᠲᠦᠮᠡᠨ ᠭᠠᠵᠠᠷ ᠤᠨ ᠬᠤᠯᠠ ᠶᠢ ᠬᠠᠷᠠᠵᠤ᠂ ᠠᠯᠬᠤᠮ ᠢᠶᠠᠷ ᠬᠡᠮᠵᠢᠵᠦ ᠳᠡᠶᠢᠯᠬᠦ ᠦᠭᠡᠢ ᠨᠡᠩ ᠬᠤᠯᠠ ᠭᠠᠵᠠᠷ ᠢ ᠬᠠᠮᠲᠤ ᠪᠠᠷ ᠣᠯᠵᠤ ᠦᠵᠡᠬᠦ ᠪᠣᠯᠭᠠᠵᠤ᠂ ᠬᠠᠮᠤᠭ ᠤᠨ ᠡᠭᠡᠯ ᠵᠢᠷ ᠤᠨ ᠠᠮᠢᠳᠤᠷᠠᠯ ᠤᠨ ᠳᠤᠮᠳᠠ ᠠᠴᠠ ᠴᠤ ᠶᠡᠷᠦ ᠪᠤᠰᠤ ᠶᠢᠨ ᠦᠨ᠎ᠡ ᠦᠷᠳᠡᠭ ᠪᠠ ᠤᠳᠬ᠎ᠠ ᠠᠭᠤᠯᠭ᠎ᠠ ᠶᠢ ᠣᠯᠵᠤ ᠦᠵᠡᠬᠦ ᠪᠣᠯᠭᠠᠨ᠎ᠠ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号