ᠡᠵᠡᠨ᠎ᠡ ᠬᠤᠰᠢᠭᠤ ᠭᠡᠷ ᠪᠦᠯᠢ ᠶᠢᠨ ᠵᠢᠵᠢᠭ ᠡᠮ ᠤᠨ ᠬᠠᠶᠢᠷᠴᠠᠭ ᠢ ᠴᠡᠪᠡᠷᠯᠡᠵᠦ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 7᠎ ᠤ ᠡᠳᠦᠷ᠂ ᠡᠵᠡᠨ᠎ᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠢᠷᠭᠡᠳ ᠤᠨ ᠲᠣᠮᠣ ᠡᠮ ᠤᠨ ᠳᠡᠯᠭᠡᠭᠦᠷ᠂ ᠸᠧᠢ ᠺᠠᠩ ᠡᠮ ᠤᠨ ᠳᠡᠯᠭᠡᠭᠦᠷ ᠪᠣᠯᠣᠨ ᠶᠢᠨ ᠷᠦᠩ ᠡᠮ ᠤᠨ ᠳᠡᠯᠭᠡᠭᠦᠷ ᠲᠠᠢ ᠬᠠᠮᠲᠤᠷᠠᠨ ᠪᠥᠬᠦ ᠬᠤᠰᠢᠭᠤᠨ ᠤ ᠬᠡᠪᠴᠢᠶᠡᠨ ᠳᠤ ︽ᠭᠡᠷ ᠪᠦᠯᠢ ᠶᠢᠨ ᠵᠢᠵᠢᠭ ᠡᠮ ᠤᠨ ᠬᠠᠶᠢᠷᠴᠠᠭ ᠢ ᠴᠡᠪᠡᠷᠯᠡᠬᠦ︾ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠢ ᠬᠤᠷᠢᠶᠠᠨ ᠠᠪᠴᠢᠷᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃    ᠠᠬᠤᠢ ᠲᠠᠯᠠᠪᠤᠷ ᠲᠤ᠂ ᠰᠠᠭᠤᠭᠠᠯᠢ ᠠᠷᠠᠳ ᠭᠡᠷ ᠪᠦᠯᠢ ᠶᠢᠨ ᠡᠮ ᠤᠨ ᠬᠠᠶᠢᠷᠴᠠᠭ ᠲᠠᠬᠢ ᠬᠤᠭᠤᠴᠠᠭ᠎ᠠ ᠨᠢ ᠥᠩᠭᠡᠷᠡᠭᠡᠳ ᠬᠦᠴᠦᠨ ᠦᠭᠡᠢ ᠪᠣᠯᠤᠭᠰᠠᠨ ᠡᠮ ᠤᠨ ᠵᠦᠢᠯ ᠢᠶᠠᠨ ᠬᠤᠷᠢᠶᠠᠨ ᠠᠪᠴᠢᠷᠠᠬᠤ ᠴᠡᠭ ᠲᠤ ᠠᠪᠴᠢᠷᠠᠨ᠂ ᠠᠵᠢᠯᠲᠠᠳ ᠰᠠᠭᠤᠭᠠᠯᠢ ᠠᠷᠠᠳ ᠤᠨ ᠪᠣᠭᠤᠳᠠᠯ ᠡᠮ ᠤᠨ ᠵᠦᠢᠯ ᠨᠢᠭᠡᠪᠦᠷᠢ ᠶᠢ ᠨᠠᠷᠢᠨ ᠨᠢᠮᠪᠠᠢ ᠪᠠᠶᠢᠴᠠᠭᠠᠵᠤ᠂ ᠴᠢᠨᠠᠷ ᠢ ᠪᠠᠲᠤᠯᠠᠬᠤ ᠬᠤᠭᠤᠴᠠᠭ᠎ᠠ᠂ ᠡᠮ ᠤᠨ ᠵᠦᠢᠯ ᠤᠨ ᠨᠡᠷᠡᠶᠢᠳᠦᠯ ᠪᠠ ᠬᠡᠷᠡᠭᠴᠡᠭᠡ ᠶᠢ ᠪᠠᠶᠢᠴᠠᠭᠠᠨ ᠦᠵᠡᠵᠦ᠂ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯ ᠪᠠ ᠬᠤᠭᠤᠰᠤᠨ ᠯᠣᠩᠬᠤ ᠲᠠᠢ ᠡᠮ ᠤᠨ ᠵᠦᠢᠯ ᠢ ᠲᠥᠷᠥᠯ ᠬᠤᠪᠢᠶᠠᠨ ᠰᠢᠢᠳᠪᠦᠷᠢᠯᠡᠭᠰᠡᠨ ᠪᠠ ᠬᠤᠷᠢᠶᠠᠨ ᠠᠪᠤᠭᠰᠠᠨ ᠪᠠᠶᠢᠨ᠎ᠠ᠃ ᠡᠭᠦᠨ ᠤ ᠬᠠᠮᠲᠤ᠂ ᠨᠠᠰᠤ ᠠᠬᠢᠭᠰᠠᠨ ᠡᠪᠡᠳᠴᠢᠲᠡᠨ ᠳᠤ ᠡᠮ ᠤᠨ ᠵᠦᠢᠯ ᠢ ᠵᠥᠪ ᠰᠣᠩᠭᠤᠵᠤ ᠬᠤᠳᠠᠯᠳᠤᠨ ᠠᠪᠬᠤ ᠪᠠ ᠬᠡᠷᠡᠭᠯᠡᠬᠦ ᠠᠷᠭ᠎ᠠ ᠵᠢᠴᠢ ᠠᠩᠬᠠᠷᠬᠤ ᠵᠦᠢᠯ ᠵᠡᠷᠭᠡ ᠡᠮ ᠤᠨ ᠵᠦᠢᠯ ᠤᠨ ᠬᠤᠯᠪᠣᠭᠳᠠᠯ ᠪᠦᠬᠦᠢ ᠠᠮᠤᠷ ᠲᠦᠪᠰᠢᠨ ᠤ ᠮᠡᠳᠡᠯᠭᠡ ᠶᠢ ᠬᠦᠯᠢᠴᠡᠩᠭᠦᠢ ᠨᠢᠮᠪᠠᠢ ᠲᠠᠶᠢᠯᠪᠤᠷᠢᠯᠠᠨ ᠥᠭᠴᠦ᠂ ᠭᠡᠷ ᠪᠦᠯᠢ ᠶᠢᠨ ᠵᠢᠵᠢᠭ ᠡᠮ ᠤᠨ ᠬᠠᠶᠢᠷᠴᠠᠭ ᠢ ᠴᠠᠭ ᠲᠤᠬᠠᠢ ᠳᠤᠨᠢ ᠴᠡᠪᠡᠷᠯᠡᠵᠦ᠂ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠢ ᠬᠡᠷᠡᠭᠯᠡᠪᠡᠯ ᠡᠪᠡᠳᠴᠢᠨ ᠤ ᠪᠠᠶᠢᠳᠠᠯ ᠢ ᠨᠠᠮᠳᠠᠭᠤᠯᠵᠤ ᠳᠡᠶᠢᠯᠬᠦ ᠦᠭᠡᠢ ᠮᠥᠷᠲᠡᠭᠡᠨ ᠴᠢᠨᠠᠭᠰᠢᠯᠠᠪᠠᠯ ᠡᠪᠡᠳᠴᠢᠨ ᠤ ᠪᠠᠶᠢᠳᠠᠯ ᠢ ᠰᠠᠭᠠᠲᠠᠭᠤᠯᠬᠤ ᠶᠢ ᠰᠠᠭᠤᠭᠠᠯᠢ ᠠᠷᠠᠳ ᠲᠤ ᠰᠠᠨᠠᠭᠤᠯᠪᠠ᠃    ᠰᠠᠭᠤᠭᠠᠯᠢ ᠠᠷᠠᠳ ᠪᠣᠣ ᠸᠧᠢ ᠬᠤᠸᠠ᠄ ︽ᠡᠨᠡ ᠬᠦ ᠬᠥᠳᠡᠯᠭᠡᠭᠡᠨ ᠨᠢ ᠦᠨᠡᠬᠡᠷ ᠰᠠᠶᠢᠨ᠂ ᠪᠢᠳᠠᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠭᠰᠠᠨ ᠢᠶᠠᠷ ᠪᠠᠷᠠᠬᠤ ᠦᠭᠡᠢ ᠪᠠᠰᠠ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠤᠨ ᠡᠮ ᠤᠨ ᠬᠠᠶᠢᠷᠴᠠᠭ ᠢᠶᠠᠨ ᠴᠡᠪᠡᠷᠯᠡᠬᠦ ᠰᠠᠶᠢᠨ ᠳᠠᠳᠬᠠᠯ ᠲᠠᠢ  ᠪᠤᠯᠭᠠᠭᠰᠠᠨ ᠪᠠᠶᠢᠨ᠎ᠠ︾ ᠭᠡᠪᠡ᠃    ᠡᠨᠡ ᠵᠢᠯ ᠤᠨ ᠭᠡᠷ ᠪᠦᠯᠢ ᠶᠢᠨ ᠵᠢᠵᠢᠭ ᠡᠮ ᠤᠨ ᠬᠠᠶᠢᠷᠴᠠᠭ ᠢ ᠴᠡᠪᠡᠷᠯᠡᠬᠦ ᠠᠵᠢᠯᠯᠠᠭ᠎ᠠ ᠨᠢ ᠶᠠᠭ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾᠎ ᠶᠢ ᠨᠡᠶᠢᠲᠡᠯᠡᠭᠰᠡᠨ 40 ᠵᠢᠯ ᠤᠨ ᠣᠶ ᠲᠠᠢ ᠲᠣᠬᠢᠶᠠᠯᠳᠤᠵᠤ᠂ ᠡᠵᠡᠨ᠎ᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠨᠡ ᠬᠦ ᠲᠣᠬᠢᠶᠠᠯ ᠢᠶᠠᠷ ᠣᠯᠠᠨ ᠨᠡᠶᠢᠲᠡ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠡᠢ᠃ ᠲᠣᠰ ᠠᠵᠢᠯᠯᠠᠭ᠎ᠠ ᠳᠤ ᠨᠡᠶᠢᠲᠡ 200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 150 ᠰᠢᠬᠠᠮ ᠬᠥᠮᠥᠨ ᠤᠳᠠᠭ᠎ᠠ ᠣᠯᠠᠨ ᠲᠦᠮᠡᠨ ᠤ ᠠᠰᠠᠭᠤᠨ ᠯᠠᠪᠯᠠᠬᠤ ᠶᠢ ᠭᠥᠯᠢᠶᠡᠨ ᠠᠪᠴᠤ᠂ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠢ 500 ᠭᠠᠷᠤᠢ ᠬᠠᠶᠢᠷᠴᠠᠭ ᠬᠤᠷᠢᠶᠠᠨ ᠠᠪᠤᠪᠠ᠃    ᠬᠤᠰᠢᠭᠤᠨ ᠤ ᠰᠢᠯᠭᠠᠨ ᠪᠠᠶᠢᠴᠠᠭᠠᠬᠤ ᠲᠥᠪ ᠤᠨ ᠡᠷᠬᠢᠯᠡᠭᠴᠢ ᠴᠡᠯᠡᠭᠡᠷ᠄ ︽ᠡᠨᠡ ᠨᠢ ᠭᠤᠣᠯᠳᠠᠭᠤ ᠭᠡᠷ ᠪᠦᠯᠢ ᠶᠢᠨ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠵᠦ᠂ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠢ ᠬᠤᠶᠠᠳᠠᠭᠢ ᠤᠳᠠᠭ᠎ᠠ ᠵᠠᠬ᠎ᠠ ᠳᠡᠯᠭᠡᠭᠦᠷ ᠲᠤ ᠣᠷᠣᠭᠤᠯᠬᠤ ᠶᠢ ᠬᠤᠷᠢᠭᠯᠠᠬᠤ ᠶᠢᠨ ᠲᠥᠯᠥᠭᠡ ᠶᠤᠮ︾ ᠭᠡᠪᠡ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ 2024 ᠣᠨ ᠤ ᠪᠥᠬᠦ ᠤᠯᠤᠰ ᠤᠨ ᠡᠮ ᠤᠨ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢᠶᠠᠷ ᠲᠣᠬᠢᠶᠠᠯ ᠪᠣᠯᠭᠠᠨ᠂ ᠣᠯᠠᠨ ᠲᠦᠮᠡᠨ ᠤ ᠠᠮᠤᠷ ᠲᠦᠪᠰᠢᠨ᠂ ᠵᠦᠢ ᠵᠣᠬᠢᠰᠲᠠᠢ᠂ ᠬᠢᠮᠳᠠ ᠡᠮ ᠤᠨ ᠵᠦᠢᠯ ᠢ ᠤᠬᠠᠭᠤᠯᠤᠨ ᠬᠥᠲᠥᠯᠥᠨ ᠵᠢᠯᠤᠭᠤᠳᠴᠤ᠂ ᠡᠮ ᠤᠨ ᠵᠦᠢᠯ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠷᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠪᠥᠬᠦ ᠨᠡᠶᠢᠭᠡᠮ ᠢᠶᠠᠷ ᠢᠶᠠᠨ ᠡᠮ ᠤᠨ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号