ᠡᠵᠡᠨ᠎ᠡ ᠬᠤᠰᠢᠭᠤ 2024 ᠣᠨ ᠳᠤ ᠠᠮᠤ ᠪᠤᠳᠠᠭ᠎ᠠ ᠶᠢᠨ ᠲᠠᠷᠢᠮᠠᠯ ᠢ ᠲᠡᠵᠢᠭᠡᠯ ᠪᠣᠷᠳᠤᠭ᠎ᠠ ᠶᠢᠨ ᠲᠠᠷᠢᠮᠠᠯ ᠪᠣᠯᠭᠠᠨ ᠥᠭᠡᠷᠡᠴᠢᠯᠡᠬᠦ ᠲᠥᠷᠥᠯ ᠵᠦᠢᠯ ᠢ ᠬᠤᠳᠠᠯᠳᠤᠨ ᠠᠪᠴᠤ ᠨᠥᠭᠡᠴᠡᠯᠡᠬᠦ ᠶᠢ ᠡᠮᠬᠢ ᠵᠢᠷᠤᠮ ᠲᠠᠢ ᠠᠬᠢᠭᠤᠯᠪᠠ
ᠨᠡᠶᠢᠲᠡᠯᠡᠭᠰᠡᠨ ᠴᠠᠭ᠄
2024/9/10
    2023 ᠣᠨ ᠤ ︽ᠠᠮᠤ ᠪᠤᠳᠠᠭ᠎ᠠ ᠶᠢᠨ ᠲᠠᠷᠢᠮᠠᠯ ᠢ ᠲᠡᠵᠢᠭᠡᠯ ᠪᠣᠷᠳᠤᠭ᠎ᠠ ᠶᠢᠨ ᠲᠠᠷᠢᠮᠠᠯ ᠪᠣᠯᠭᠠᠨ ᠥᠭᠡᠷᠡᠴᠢᠯᠡᠬᠦ ᠲᠥᠷᠥᠯ ᠵᠦᠢᠯ︾᠎ ᠢ ᠬᠡᠷᠡᠭᠵᠢᠭᠦᠯᠦᠭᠰᠡᠨ ᠠᠴᠠ ᠨᠠᠰᠢ᠂ ᠡᠵᠡᠨ᠎ᠡ ᠬᠤᠰᠢᠭᠤᠨ ᠤ ︽ᠠᠮᠤ ᠪᠤᠳᠠᠭ᠎ᠠ ᠶᠢᠨ ᠲᠠᠷᠢᠮᠠᠯ ᠢ ᠲᠡᠵᠢᠭᠡᠯ ᠪᠣᠷᠳᠤᠭ᠎ᠠ ᠶᠢᠨ ᠲᠠᠷᠢᠮᠠᠯ ᠪᠣᠯᠭᠠᠨ ᠥᠭᠡᠷᠡᠴᠢᠯᠡᠬᠦ ᠲᠥᠷᠥᠯ ᠵᠦᠢᠯ︾᠎ ᠢᠶᠠᠷ ᠳᠠᠮᠵᠢᠭᠤᠯᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠮᠠᠯᠴᠢᠨ ᠲᠠᠷᠢᠶᠠᠴᠢᠨ ᠪᠠ ᠬᠤᠷᠰᠢᠶ᠎ᠠ ᠶᠢ ᠬᠥᠲᠥᠯᠥᠨ ᠵᠢᠯᠣᠭᠤᠳᠴᠤ ᠪᠠᠶᠢᠭᠠᠳ ᠲᠡᠵᠢᠭᠡᠯ ᠪᠣᠷᠳᠤᠭ᠎ᠠ ᠡᠷᠳᠡᠨᠢ ᠰᠢᠰᠢ ᠳᠠᠷᠢᠭᠤᠯᠪᠠ᠃ ︽ᠠᠵᠤ ᠠᠬᠤᠶᠢᠯᠠᠯ+ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ+ ᠲᠠᠷᠢᠶᠠᠴᠢᠨ ᠡᠷᠦᠬᠡ︾᠎ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠᠷ ᠳᠠᠮᠵᠢᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠵᠤ ᠮᠠᠯ ᠪᠡᠯᠴᠢᠭᠡᠷ ᠤᠨ ᠠᠵᠤ ᠦᠢᠯᠡᠰ ᠢ ᠬᠥᠭᠵᠢᠭᠦᠯᠵᠦ᠂ ᠮᠠᠨ ᠤ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠠᠮᠲᠤ ᠭᠡᠷ᠎ᠡ ᠲᠣᠭᠲᠠᠬᠤ ᠪᠠ ᠵᠠᠬᠢᠶᠠᠯᠠᠭ᠎ᠠ ᠪᠠᠷ ᠳᠠᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃    ᠠᠮᠤ ᠪᠤᠳᠠᠭ᠎ᠠ ᠶᠢᠨ ᠲᠠᠷᠢᠮᠠᠯ ᠢ ᠲᠡᠵᠢᠭᠡᠯ ᠪᠣᠷᠳᠤᠭ᠎ᠠ ᠶᠢᠨ ᠲᠠᠷᠢᠮᠠᠯ ᠪᠣᠯᠭᠠᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠡᠵᠡᠨ᠎ᠡ ᠬᠤᠰᠢᠭᠤᠨ ᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠪᠦᠲᠦᠮᠵᠢᠲᠡᠶ ᠠᠬᠢᠭᠤᠯᠵᠤ᠂ ᠲᠡᠵᠢᠭᠡᠯ ᠪᠣᠷᠳᠤᠭ᠎ᠠ ᠳᠤ ᠬᠡᠷᠡᠭᠯᠡᠬᠦ ᠡᠷᠳᠡᠨᠢ ᠰᠢᠰᠢ ᠳᠠᠷᠢᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ 2023 ᠣᠨ ᠳᠤ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ 0.06 ᠲᠦᠮᠡᠨ ᠮᠦ᠂ 0.18 ᠲᠦᠮᠡᠨ ᠲᠣᠨ ᠳᠠᠷᠢᠬᠤ ᠶᠢ ᠪᠡᠶᠡᠯᠡᠭᠦᠯᠵᠦ᠂ 2024 ᠣᠨ ᠳᠤ ᠳᠠᠷᠢᠬᠤ᠂ ᠬᠠᠳᠠᠭᠠᠯᠠᠬᠤ ᠡᠷᠳᠡᠨᠢ ᠰᠢᠰᠢ ᠶᠢ 0.2 ᠲᠦᠮᠡᠨ ᠮᠦ᠂ 0.6 ᠲᠦᠮᠡᠨ ᠲᠣᠨ ᠳᠠᠷᠢᠬᠤ ᠪᠠᠷ ᠲᠥᠯᠥᠪᠯᠡᠵᠦ ᠪᠠᠶᠢᠨ᠎ᠠ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠵᠠᠯᠭᠠᠪᠡᠷ ︽ᠳᠠᠷᠢᠬᠤ ᠪᠠᠷ ᠳᠠᠷᠢᠬᠤ ᠶᠢ ᠳᠠᠶᠢᠴᠢᠯᠠᠬᠤ᠂ ᠳᠠᠷᠢᠬᠤ ᠪᠠᠷ ᠲᠡᠵᠢᠭᠡᠬᠦ ᠶᠢ ᠠᠬᠢᠭᠤᠯᠬᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ︾ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢᠶᠠᠷ ᠠᠬᠢᠭᠤᠯᠵᠤ᠂ ᠮᠠᠨ ᠤ ᠬᠤᠰᠢᠭᠤᠨ ᠤ ᠲᠡᠮᠡᠭᠡ᠂ ᠦᠬᠡᠷ᠂ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠲᠡᠵᠢᠭᠡᠯ ᠡᠪᠡᠰᠦ ᠪᠣᠷᠳᠣᠭᠠᠨ ᠤ ᠰᠠᠭᠤᠷᠢ ᠶᠢ ᠲᠠᠯᠪᠢᠵᠤ ᠥᠭᠪᠡ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ︽ᠠᠮᠤ ᠪᠤᠳᠠᠭ᠎ᠠ ᠶᠢᠨ ᠲᠠᠷᠢᠮᠠᠯ ᠢ ᠡᠪᠡᠰᠦ ᠪᠣᠷᠳᠤᠭ᠎ᠠ ᠶᠢᠨ ᠲᠠᠷᠢᠮᠠᠯ ᠪᠣᠯᠭᠠᠨ ᠥᠭᠡᠷᠡᠴᠢᠯᠡᠬᠦ︾ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠪᠠᠯᠠ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠠᠷᠢᠵᠤ ᠲᠡᠵᠢᠭᠡᠬᠦ ᠶᠢ ᠤᠶᠠᠯᠳᠤᠭᠤᠯᠤᠨ ᠬᠥᠭᠵᠢᠭᠦᠯᠬᠦ ᠵᠠᠮ ᠢ ᠦᠷᠭᠦᠯᠵᠢᠯᠡᠨ ᠳᠡᠯᠭᠡᠷᠡᠭᠦᠯᠵᠦ᠂ ᠭᠤᠤᠯ ᠴᠣᠭᠴᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠡᠵᠡᠨ᠎ᠡ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠣᠯᠭᠤᠵᠤ ᠦᠷ᠎ᠡ ᠠᠰᠢᠭ ᠢ ᠨᠡᠮᠡᠭᠳᠡᠭᠦᠯᠬᠦ ᠶᠢ ᠵᠣᠷᠢᠭᠵᠢᠭᠤᠯᠤᠨ ᠳᠡᠮᠵᠢᠨ᠎ᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号