ᠨᠠᠷᠢᠠᠭᠤᠤᠯ ᠨᠡᠶᠢᠭᠡᠮ ᠲᠣᠭᠤᠷᠢᠭ ᠤᠨ ᠬᠢᠨ ᠭᠤᠤᠯ ᠰᠡᠳᠤᠪᠳᠤ ᠪᠠᠭᠰᠢ ᠶᠢᠨ ᠪᠠᠶᠠᠷ ᠤᠨ ᠠᠵᠢᠯᠯᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/9/12
    40 ᠳ᠋ᠦ᠋ᠭᠡᠷ ᠪᠠᠭᠰᠢ ᠶᠢᠨ ᠪᠠᠶᠠᠷ ᠢ ᠲᠤᠬᠢᠶᠠᠯᠳᠤᠭᠤᠯᠤᠨ᠂ ᠨᠠᠷᠢᠠᠭᠤᠤᠯ ᠨᠡᠶᠢᠭᠡᠮ ᠲᠣᠭᠤᠷᠢᠭ ᠤᠨ ᠬᠢᠨ ᠬᠤᠰᠢᠭᠤᠨ ᠤ ᠪᠠᠭ᠎ᠠ ᠰᠤᠷᠭᠠᠭᠤᠯᠢ ᠲᠠᠢ ᠬᠠᠮᠲᠤᠷᠠᠨ ᠪᠠᠭᠰᠢ ᠶᠢᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠶᠢ ᠦᠷᠨᠢᠬᠦᠯᠪᠡ᠃  ᠠᠵᠢᠯᠯᠭᠠᠨ ᠳᠤᠮᠳᠠ᠂ ᠰᠤᠷᠤᠭᠴᠢᠳ ᠵᠢᠷᠤᠭᠰᠠᠨ ᠱᠠᠩᠨᠠᠯ ᠤᠨ ᠪᠢᠴᠢᠭ ᠢᠶᠠᠨ ᠬᠦᠨᠳᠤᠳᠤ ᠪᠠᠭᠰᠢ ᠳᠠᠭᠠᠨ ᠬᠦᠷᠭᠡᠵᠦ᠂  ᠪᠠᠭᠰᠢ ᠨᠠᠷ ᠲᠤ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠮᠦᠨᠴᠤ ᠨᠡᠶᠢᠭᠡᠮ ᠲᠣᠭᠤᠷᠢᠭ ᠤᠨ ᠰᠠᠶᠢᠨ ᠲᠤᠷᠠᠴᠢᠳ ᠠᠴᠠ ᠪᠠᠭᠰᠢ ᠨᠠᠷ ᠲᠤ ᠰᠣᠷᠭᠤᠭ ᠴᠡᠴᠡᠭ ᠬᠦᠷᠭᠡᠵᠦ᠂ ᠪᠥᠬᠦ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠲᠡᠪᠰᠢᠬᠦᠯᠬᠦ ᠶᠢᠨ ᠬᠠᠮᠳᠤ ᠪᠠᠭᠰᠢ ᠰᠤᠷᠤᠭᠴᠢᠳ ᠪᠠᠰᠠ ᠬᠠᠮᠲᠤ ᠶᠢᠨ ᠰᠡᠭᠦᠳᠡᠷ ᠪᠠᠭᠤᠯᠭᠠᠵᠤ ᠰᠠᠶᠢᠨ ᠰᠠᠶᠢᠬᠠᠨ ᠴᠠᠭ ᠮᠥᠴᠡ ᠪᠠᠨ ᠲᠤᠷᠠᠰᠬᠠᠨ ᠲᠡᠮᠳᠡᠭᠯᠡᠯ᠎ᠡ᠃    ᠨᠠᠷᠢᠠᠭᠤᠤᠯ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ︽ᠬᠥᠷᠰᠢ ᠵᠡᠷᠭᠡᠯᠡᠳᠡᠭᠡ ᠲᠠᠢ ᠪᠠᠨ ᠨᠡᠶᠢᠯᠡᠬᠦ︾ ᠲᠦᠷᠦᠯ ᠲᠡᠮᠳᠡᠭ ᠤᠨ ᠳᠠᠭᠠᠭᠤᠯᠭ᠎ᠠ ᠳᠣᠣᠷ᠎ᠠ᠂ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠤᠯᠠᠨ ᠰᠣᠯᠢᠯᠴᠠᠭ᠎ᠠ ᠦᠢᠯᠡᠳᠦᠯᠴᠡᠯ ᠤᠨ ᠲᠠᠪᠴᠠᠩ ᠬᠠᠩᠭᠠᠵᠤ᠂ ᠡᠶ᠎ᠡ ᠵᠣᠬᠢᠴᠠᠩᠭᠤᠢ᠂ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃
 
ᠢᠷᠡᠯᠲᠡ᠄ ᠭᠤᠤᠯ ᠰᠡᠳᠤᠪᠳᠤ ᠪᠠᠭᠰᠢ ᠶᠢᠨ ᠪᠠᠶᠠᠷ ᠤᠨ ᠠᠵᠢᠯᠯᠭ᠎ᠠ ᠦᠷᠨᠢᠬᠦᠯᠪᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号