ᠰᠤᠪᠨᠠᠭᠤᠷ ᠰᠤᠮᠤ ᠭᠠᠴᠠᠭᠠᠨ ᠳᠤ ᠭᠦᠨᠵᠡᠭᠡᠶᠢᠷᠡᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/12
    ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠢ ᠦᠨᠡᠨᠬᠦ ᠠᠬᠢᠭᠤᠯᠬᠤ ᠶᠢᠨ       ᠲᠤᠰᠠᠳᠠ᠂ 9 ᠳ᠋ᠦᠭᠡᠷ ᠰᠠᠷ᠎ᠠ ᠠᠴᠠ ᠨᠠᠰᠢ᠂ ᠰᠤᠪᠨᠠᠭᠤᠷ ᠰᠤᠮᠤ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠭᠠᠴᠠᠭᠠᠨ ᠤ ᠪᠠᠯᠲᠤ ᠬᠡᠮᠬᠡ ᠎ ᠶᠢ ᠠᠴᠢᠶᠠᠯᠠᠬᠤ ᠲᠠᠯᠠᠪᠤᠷ᠂ ᠮᠠᠯᠴᠢᠨ ᠲᠠᠷᠢᠶᠠᠴᠢᠨ ᠡᠷᠦᠬᠡ ᠵᠡᠷᠭᠡ ᠳᠤ ᠭᠦᠨᠵᠡᠭᠡᠶᠢᠷᠡᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠬᠠᠭᠤᠯᠭ᠎ᠠ ᠶᠢᠨ ᠳᠤᠮᠳᠠ᠂ ᠰᠤᠮᠤᠨ ᠤ ᠺᠠᠲᠠᠷ ᠠᠵᠢᠯᠲᠠᠳ ᠭᠠᠳᠠᠨ᠎ᠠ ᠠᠴᠠ ᠢᠷᠡᠭᠰᠡᠨ ᠭᠤᠸᠠ ᠶᠢᠨ ᠬᠤᠳᠠᠯᠳᠤᠭᠠᠴᠢᠨ᠂ ᠵᠢᠯᠣᠭᠤᠴᠢ ᠂ ᠠᠵᠢᠯᠴᠢᠨ ᠵᠢᠴᠢ ᠭᠠᠴᠠᠭᠠᠨ ᠤ ᠮᠠᠯᠴᠢᠨ ᠲᠠᠷᠢᠶᠠᠴᠢᠳ ᠲᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠵᠢᠭᠤ ᠨᠣᠮᠯᠠᠯ ᠢ ᠡᠰᠡᠷᠭᠦᠴᠡᠬᠦ᠂ ᠦᠨᠳᠦᠰᠦᠲᠡᠨ ᠤ ᠱᠠᠰᠢᠨ ᠰᠤᠷᠲᠠᠬᠤᠨ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠵᠡᠷᠭᠡ ᠦᠨᠳᠦᠰᠦᠨ ᠮᠡᠳᠡᠯᠭᠡ ᠶᠢ ᠤᠬᠠᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠵᠢᠭᠤ ᠨᠣᠮᠯᠠᠯ ᠢ ᠡᠰᠡᠷᠭᠦᠴᠡᠬᠦ᠂ ᠭᠠᠵᠢᠭᠤ ᠨᠣᠮᠯᠠᠯ ᠠᠴᠠ ᠵᠠᠶᠢᠳᠠᠭᠤᠯᠬᠤ᠂ ᠭᠠᠵᠢᠭᠤ ᠨᠣᠮᠯᠠᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠣᠯᠵᠤ ᠮᠡᠳᠡᠪᠡᠯ ᠴᠠᠭ ᠲᠤᠬᠠᠢ ᠳᠤᠨᠢ ᠢᠯᠡᠴᠢᠯᠡᠨ ᠮᠡᠳᠡᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠤᠯᠠᠨ ᠲᠦᠮᠡᠨ ᠤ ᠮᠡᠳᠡᠯᠭᠡ ᠶᠢ ᠣᠶᠢᠯᠠᠭᠠᠬᠤ ᠨᠤᠷᠮ᠎ᠠ ᠪᠠ ᠥᠪᠡᠷ ᠢ ᠪᠠᠨ ᠰᠡᠷᠭᠡᠶᠢᠯᠡᠬᠦ ᠤᠬᠠᠮᠰᠠᠷ ᠢ       ᠴᠢᠩᠭᠠᠳᠬᠠᠵᠡᠢ ᠃    ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠰᠤᠮᠤᠨ ᠤ ᠺᠠᠲᠠᠷ ᠠᠵᠢᠯᠲᠠᠳ ᠪᠠᠰᠠ ᠲᠤᠬᠠᠢ ᠶᠢᠨ ᠲᠠᠯᠠᠪᠤᠷ ᠎ ᠤᠨ ᠤᠯᠠᠨ ᠲᠦᠮᠡᠨ ᠳᠤ ᠣᠷᠴᠢᠨ ᠲᠣᠭᠤᠷᠢᠨ ᠤ ᠬᠠᠮᠠᠭᠠᠯᠠᠯᠲᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠠᠵᠢᠯ ᠤᠨ ᠱᠠᠭᠠᠷᠳᠠᠯᠭ᠎ᠠ ᠪᠣᠯᠣᠨ ᠠᠩᠬᠠᠷᠬᠤ ᠵᠦᠢᠯᠡᠰ ᠢ ᠲᠠᠶᠢᠯᠪᠤᠷᠢᠯᠠᠵᠤ ᠦᠭᠪᠡ᠃    ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 50 ᠭᠠᠷᠤᠢ ᠬᠤᠪᠢ ᠲᠠᠷᠬᠠᠭᠠᠵᠤ᠂ ᠬᠦᠯᠢᠶᠡᠨ ᠠᠪᠤᠭᠴᠢᠳ 150 ᠬᠥᠮᠥᠨ ᠤᠳᠠᠭ᠎ᠠ ᠳᠤ ᠬᠦᠷᠴᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠬᠤ᠂ ᠡᠶ᠎ᠡ ᠵᠣᠬᠢᠴᠠᠯ  ᠲᠠᠢ ᠨᠡᠶᠢᠭᠡᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
 
ᠢᠷᠡᠯᠲᠡ᠄ ᠰᠤᠪᠨᠠᠭᠤᠷ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号