ᠠᠯᠠᠱᠠ ᠠᠶᠢᠮᠠᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠤᠯᠤᠰ ᠤᠨ ᠵᠢᠭᠡᠯᠡᠯᠭᠡ ᠶᠢᠨ ᠪᠠᠯᠠ | ᠣᠷᠣᠭᠤᠯᠤᠯᠲᠠ ᠶᠢ ᠨᠡᠮᠡᠵᠦ ᠲᠠᠷᠬᠠᠭᠠᠭᠰᠠᠨ ᠲᠥᠷᠥᠯ ᠵᠦᠢᠯ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ | 11579 ᠲᠦᠮᠡᠨ ᠲᠥᠭᠦᠷᠢᠭ᠂ ᠪᠥᠬᠦ ᠣᠷᠳᠣ ᠨᠢ 166.103 ᠺᠢᠯᠣᠮᠧᠲᠷ ᠪᠣᠯᠣᠨ᠎ᠠ᠃ ᠪᠥᠲᠥᠭᠡᠨ ᠪᠠᠶᠢᠭᠤᠯᠬᠤ | ᠭᠠᠵᠠᠷ ᠨᠢ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ ᠡᠵᠡᠨ᠎ᠡ ᠬᠤᠰᠢᠭᠤᠨ ᠤ ᠰᠠᠶᠢᠬᠠᠨᠲᠤᠤᠷᠠᠢ ᠰᠤᠮᠤ ᠪᠣᠯᠤᠨ᠎ᠠ᠃ | 5 ᠳ᠋ᠤᠭᠠᠷ ᠰᠠᠷ᠎ᠠ ᠶᠢᠨ 11 ᠤ ᠡᠳᠦᠷ ᠪᠠᠷᠢᠯᠭ᠎ᠠ ᠡᠬᠢᠯᠡᠭᠰᠡᠨ ᠠᠴᠠ ᠨᠠᠰᠢ᠂ ᠳᠥᠷᠪᠡᠨ ᠰᠠᠷ᠎ᠠ ᠶᠢᠨ | ᠴᠢᠷᠮᠠᠶᠢᠯᠭ᠎ᠠ ᠪᠠᠷ ᠳᠡᠮᠵᠢᠨ᠂ ᠣᠳᠣᠬᠠᠨ ᠳᠤ ᠡᠵᠡᠨ᠎ᠡ ᠬᠤᠰᠢᠭᠤᠨ ᠤ 29.883 ᠺᠢᠯᠣᠮᠧᠲᠷ ᠤᠨ ᠭᠠᠯ ᠰᠡᠷᠭᠡᠶᠢᠯᠡᠬᠦ | ᠵᠠᠰᠠᠮᠠᠯ ᠵᠠᠮ ᠤᠨ ᠭᠤᠤᠯ ᠴᠣᠭᠴᠠ ᠶᠢᠨ ᠪᠠᠷᠢᠯᠭ᠎ᠠ ᠨᠢᠭᠡᠨᠲᠡ ᠤᠷᠤᠭᠰᠢᠲᠠᠶ ᠳᠠᠭᠤᠰᠪᠠ᠃ ᠵᠢᠱᠢᠯᠲᠡ ᠪᠠᠷ 9 ᠳ᠋ᠦ᠋ᠭᠡᠷ | ᠰᠠᠷ᠎ᠠ ᠶᠢᠨ 15 ᠤ ᠡᠳᠦᠷ ᠠᠴᠠ ᠡᠮᠦᠨ᠎ᠡ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢᠨ ᠪᠠᠷᠢᠯᠭ᠎ᠠ | ᠵᠢᠴᠢ ᠵᠠᠮ ᠤᠨ ᠬᠦᠪᠡᠭᠡ ᠲᠠᠯ᠎ᠠ ᠶᠢᠨ ᠪᠠᠷᠢᠯᠭ᠎ᠠ ᠶᠢ ᠳᠠᠭᠤᠰᠬᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ | ᠮᠥᠴᠢᠷ ᠲᠤ ᠰᠢᠯᠭᠠᠨ ᠠᠪᠬᠤ ᠭᠤᠶᠤᠴᠢᠯᠠᠯ ᠲᠤᠰᠢᠶᠠᠬᠤ ᠪᠣᠯᠤᠨ᠎ᠠ᠃ ᠲᠣᠰ ᠲᠥᠷᠥᠯ ᠵᠦᠢᠯ ᠤᠨ ᠤᠷᠤᠭᠰᠢᠲᠠᠶ | ᠠᠬᠢᠴᠠ ᠨᠢ ᠲᠣᠤᠷᠠᠶ ᠶᠢᠨ ᠰᠢᠭᠤᠶᠢᠲᠤ ᠣᠷᠣᠨ ᠤ ᠭᠠᠯ ᠤᠨ ᠠᠶᠤᠯ ᠢ ᠰᠡᠷᠭᠡᠶᠢᠯᠡᠬᠦ ᠪᠠ ᠮᠠᠰᠢ ᠲᠦᠷᠭᠡᠨ ᠢᠶᠠᠷ ᠡᠯ᠎ᠡ | ᠵᠦᠢᠯ ᠤᠨ ᠠᠷᠭ᠎ᠠ ᠠᠵᠢᠯᠯᠠᠭ᠎ᠠ ᠶᠠᠪᠤᠭᠳᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠭᠠᠯ ᠰᠡᠷᠭᠡᠶᠢᠯᠡᠬᠦ | ᠵᠠᠮ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠲᠤᠤᠷᠠᠶ ᠶᠢᠨ ᠰᠢᠭᠤᠶᠢᠲᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠲᠤᠰᠬᠠᠯ ᠪᠠ ᠭᠠᠯ ᠤᠨᠲᠠᠷᠠᠭᠠᠬᠤ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠣᠶ | ᠰᠢᠭᠤᠶ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠢ ᠨᠠᠩ ᠰᠠᠶᠢᠲᠤᠷ ᠬᠠᠮᠠᠭᠠᠯᠠᠬᠤ ᠪᠣᠯᠤᠨ᠎ᠠ᠃ |