ᠬᠤᠰᠢᠭᠤᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠡᠭᠡᠯᠵᠢᠯᠡᠨ ᠪᠣᠯᠪᠠᠰᠤᠷᠠᠭᠤᠯᠬᠤ ᠠᠩᠭᠢ ᠡᠬᠢᠯᠡᠪᠡ
ᠨᠡᠶᠢᠲᠡᠯᠡᠭᠰᠡᠨ ᠴᠠᠭ᠄
2024/9/2
      ᠤᠶᠢᠷ᠎ᠠ ᠶᠢᠨ ᠡᠳᠦᠷ᠂  ᠬᠤᠰᠢᠭᠤᠨ ᠤ ᠨᠢᠭᠡᠳᠦᠭᠡᠷ ᠬᠤᠭᠤᠴᠠᠭᠠᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠡᠭᠡᠯᠵᠢᠯᠡᠨ ᠪᠣᠯᠪᠠᠰᠤᠷᠠᠭᠤᠯᠬᠤ ᠠᠩᠭᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ  ᠰᠤᠷᠤᠯᠭ᠎ᠠ ᠡᠬᠢᠯᠡᠪᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦ᠋ ᠶᠦᠩ ᠭᠠᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠲᠤᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠵᠣᠷᠢᠯᠭ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠤᠨ᠂ ᠪᠦᠭᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠰᠢᠢᠳᠪᠦᠷᠢᠯᠡᠭᠴᠢ ᠠᠴᠢ ᠬᠤᠯᠪᠣᠭᠳᠠᠯ ᠢ ᠤᠯᠠᠮ ᠨᠢᠭᠡ ᠠᠯᠬᠤᠮ ᠭᠦᠨᠵᠡᠭᠡᠢ ᠣᠶᠢᠯᠠᠭᠠᠭᠤᠯᠵᠤ᠂ ︽ᠲᠦᠷᠪᠡᠨ ᠤᠬᠠᠮᠰᠠᠷ︾᠎ ᠢ ᠴᠢᠩᠭᠠᠳᠬᠠᠨ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ  ᠨᠢᠭᠡᠳᠬᠡᠬᠦ ᠪᠤᠯᠤᠨ᠎ᠠ᠃       ᠲᠣᠰ ᠤᠳᠠᠭᠠᠨ ᠤ ᠰᠤᠷᠤᠯᠴᠠᠯᠭ᠎ᠠ ᠶᠢᠨ ᠪᠤᠯᠪᠠᠰᠤᠷᠠᠯ ᠳᠤ ᠨᠡᠶᠢᠲᠡ 4 ᠬᠤᠭᠤᠴᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ᠂ 1 ᠬᠤᠭᠤᠴᠠᠭᠠᠨ ᠤ ᠰᠤᠳᠤᠯᠤᠨ ᠶᠠᠷᠢᠯᠴᠠᠬᠤ ᠠᠩᠭᠢ ᠡᠷᠭᠢᠯᠡᠵᠦ᠂ ᠱᠠᠲᠤ ᠦᠶ᠎ᠡ᠂ ᠪᠦᠯᠦᠭ ᠤᠳᠠᠭ᠎ᠠ ᠬᠤᠪᠢᠶᠠᠨ ᠪᠥᠬᠦ ᠬᠤᠰᠢᠭᠤᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷᠴᠤᠳ ᠢ ᠡᠭᠡᠯᠵᠢᠯᠡᠨ ᠪᠣᠯᠪᠠᠰᠤᠷᠠᠭᠤᠯᠵᠤ᠂ ᠡᠭᠡᠯᠵᠢᠯᠡᠨ ᠪᠣᠯᠪᠠᠰᠤᠷᠠᠭᠤᠯᠬᠤ ᠠᠵᠢᠯ ᠤᠨ ᠪᠥᠬᠦ ᠲᠠᠯ᠎ᠠ ᠶᠢ ᠬᠠᠮᠤᠷᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃  ᠪᠤᠯᠪᠠᠰᠤᠷᠠᠯ ᠨᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢᠨ ᠬᠠᠮᠲᠤ ᠰᠦᠯᠵᠢᠶᠡᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠢᠴᠢᠶᠡᠯ ᠢ ᠵᠡᠷᠭᠡ ᠪᠠᠷ ᠨᠡᠭᠡᠭᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠰᠤᠷᠤᠭᠴᠢᠳ ᠢ ᠬᠥᠲᠥᠯᠥᠨ ᠵᠢᠯᠤᠭᠤᠳᠴᠤ ᠭᠦᠨᠵᠡᠭᠡᠢ ᠰᠤᠷᠤᠯᠴᠠᠨ ᠨᠠᠷᠢᠨ ᠤᠬᠠᠭᠤᠯᠤᠭᠰᠠᠨ ᠪᠠᠶᠢᠨ᠎ᠠ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ 110 ᠭᠠᠷᠤᠢ ᠰᠠᠯᠠᠭᠠᠨ ᠲᠠᠰ ᠤᠨ ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号