ᠠᠯᠪᠠᠨ ᠵᠢᠷᠤᠮ ᠤᠨ ᠡᠮᠴᠢᠯᠡᠭᠡ ᠨᠢ ᠬᠦᠮᠦᠰ ᠦᠨ ᠰᠡᠳᠬᠢᠯ ᠢ ᠲᠤᠯᠠᠭᠠᠴᠠᠭᠤᠯᠵᠤ᠂ ᠡᠷᠡᠬᠦᠯ ᠴᠢᠬᠢᠷᠠᠭ ᠲᠦ ᠡᠮᠴᠢᠯᠡᠬᠡᠨ ᠦ ᠲᠦᠰᠢᠭ ᠥᠭᠪᠡ
ᠨᠡᠶᠢᠲᠡᠯᠡᠭᠰᠡᠨ ᠴᠠᠭ᠄
2024/9/27
      ᠭᠠᠴᠠᠭᠠᠨ ᠤ ᠮᠠᠯᠴᠢᠨ ᠲᠠᠷᠢᠶᠠᠴᠢᠨ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠯᠠᠮᠵᠢᠯᠡᠵᠤ᠂ ᠵᠣᠯ ᠵᠢᠷᠭᠠᠯ ᠤᠨ ᠲᠦᠷᠦᠭᠳᠡᠯ ᠢ ᠨᠡᠮᠡᠭᠳᠡᠬᠦᠯᠬᠦ ᠶᠢᠨ ᠲᠦᠯᠦᠬᠡ᠂ 9 ᠰᠠᠷ᠎ᠠ ᠶᠢᠨ10 ᠦ ᠡᠳᠦᠷ ᠂ ᠪᠠᠶᠠᠨᠲᠤᠬᠤᠢ ᠰᠤᠮᠤ ᠮᠠᠷᠵᠠ ᠭᠠᠴᠠᠭᠠᠨ ᠤ ᠣᠪᠣᠭᠠᠨ ᠲᠠᠬᠢᠯᠭ᠎ᠠ ᠶᠢᠨ ᠬᠦᠳᠡᠯᠬᠡᠬᠡᠨ ᠢᠶᠠᠷ ᠡᠵᠡᠨ᠎ᠡ ᠬᠤᠰᠢᠭᠤᠨ ᠤ ᠳ᠋ᠦᠩ ᠹᠧᠩ ᠪᠠᠯᠭᠠᠰᠦᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠤᠷᠢᠵᠤ ᠮᠠᠯᠴᠢᠨ ᠲᠠᠷᠢᠶᠠᠴᠢᠨ ᠳᠤ  ᠠᠯᠪᠠᠨ ᠵᠢᠷᠤᠮ ᠤᠨ ᠡᠮᠴᠢᠯᠡᠭᠡ ᠬᠢᠪᠡ᠃      ᠬᠦᠳᠡᠯᠬᠡᠬᠡᠨ ᠤ ᠠᠬᠤᠢ ᠲᠠᠯᠠᠪᠠᠢ ᠳᠤ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠳᠠᠳ ᠮᠠᠯᠴᠢᠨ  ᠲᠠᠷᠢᠶᠠᠴᠢᠳ ᠲᠤ ᠡᠩ ᠤᠨ ᠡᠷᠡᠭᠦᠯ ᠮᠡᠨᠳᠦ ᠶᠢᠨ  ᠪᠠᠶᠢᠴᠠᠭᠠᠯᠲᠠ ᠬᠢᠬᠦ ᠶᠢᠨ ᠲᠠᠭᠠᠤ ᠮᠠᠯᠴᠢᠨ ᠲᠠᠷᠢᠶᠠᠴᠢᠨ ᠳᠤ ᠡᠪᠡᠳᠴᠢᠨ ᠢ ᠰᠡᠷᠬᠡᠶᠢᠯᠡᠬᠦ᠂ ᠡᠮᠨᠡᠬᠦ ᠵᠢᠴᠢ ᠠᠩᠬᠠᠷᠬᠤ ᠵᠦᠢᠯᠡᠰ ᠵᠡᠷᠬᠡ ᠡᠷᠡᠬᠦᠯ ᠬᠠᠮᠠᠭᠠᠯᠠᠯ ᠤᠨ ᠬᠠᠮᠢᠭ᠎ᠠ ᠪᠦᠬᠦᠢ ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠤᠷᠢᠯᠠᠨ ᠤᠬᠠᠭᠤᠯᠵᠤ᠂ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠡᠷᠡᠬᠦᠯ ᠴᠢᠬᠢᠷᠢᠭ᠋ ᠠᠮᠢᠳᠤᠷᠠᠯ ᠤᠨ ᠲᠠᠳᠬᠠᠯ ᠢ ᠪᠤᠢ ᠪᠤᠯᠭᠠᠬᠤ ᠶᠢ ᠴᠢᠬᠤᠯᠠᠴᠢᠯᠠᠵᠠᠢ᠃      ᠲᠣᠰ ᠤᠳᠠᠭᠠᠨ ᠤ ᠬᠦᠳᠡᠯᠬᠡᠬᠡᠨ ᠨᠢ  ᠮᠠᠯᠴᠢᠨ ᠲᠠᠷᠢᠶᠠᠴᠢᠳ ᠤᠨ ᠡᠷᠡᠬᠦᠯ ᠮᠡᠨᠳᠦ ᠶᠢᠨ ᠪᠠᠶᠢᠴᠠᠭᠠᠯᠳᠠ ᠬᠢᠬᠦ ᠶᠢᠨ ᠤᠬᠠᠮᠰᠠᠷ ᠢ ᠴᠢᠩᠭᠠᠳᠬᠠᠵᠤ᠂ ᠡᠷᠡᠭᠦᠯ ᠮᠡᠨᠳᠦ ᠶᠢᠨ ᠦᠵᠡᠯᠲᠡ ᠶᠢ ᠪᠣᠶ ᠪᠤᠯᠭᠠᠵᠠᠢ᠃ ᠲᠠᠷᠠᠭᠠᠴᠢ ᠶᠢᠨ ᠠᠯᠬᠤᠮ ᠳᠤ ᠂ ᠪᠠᠶᠠᠨᠲᠤᠬᠤᠢ ᠰᠤᠮᠤ ᠮᠠᠯᠴᠢᠨ ᠲᠠᠷᠢᠶᠠᠴᠢᠳ ᠤᠨ ᠡᠷᠡᠬᠦᠯ ᠬᠠᠮᠠᠭᠠᠯᠠᠯ ᠤᠨ ᠬᠡᠷᠡᠭᠴᠡᠭᠡ ᠶᠢ ᠦᠷᠬᠦᠯᠵᠢᠯᠡᠬᠦᠶᠢᠴᠡ ᠠᠩᠬᠠᠷᠴᠦ᠂ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠪᠠᠶᠠᠯᠢᠭᠵᠢᠭᠤᠯᠵᠤ᠂ ᠬᠠᠷᠢᠶᠠᠳᠦ ᠤᠷᠤᠨ ᠤ ᠠᠷᠠᠳ ᠲᠤ ᠨᠡᠩ ᠰᠠᠶᠢᠨ ᠦᠢᠯᠡᠴᠢᠯᠡᠭᠡ ᠬᠠᠩᠭᠠᠨ᠎ᠠ᠃ 
 
ᠢᠷᠡᠯᠲᠡ᠄ ᠪᠠᠶᠠᠨᠲᠣᠬᠤᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号