ᠬᠠᠷ᠎ᠠ ᠪᠦᠷᠭᠦᠳ ᠤᠨ ᠠᠭᠤᠯᠠ ᠪᠠᠯᠭᠠᠰᠤ ᠤᠯᠤᠰ ᠤᠨ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/9/27
    ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠠᠭᠠᠵᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ  ᠪᠠᠬᠢᠵᠢᠭᠦᠯᠬᠦ ᠶᠢᠨ ᠲᠥᠯᠦᠭᠡ᠂ 9 ᠰᠠᠷ᠎ᠠ ᠶᠢᠨ 22 ︱ 24᠎ ᠤ ᠡᠳᠦᠷ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠮᠠ ᠸᠠᠨ ᠹᠧᠢ ᠳᠤᠭᠤᠶᠢᠯᠠᠩ ᠳᠠᠭᠠᠭᠤᠯᠤᠨ ᠬᠠᠷᠢᠶᠠᠳᠦ ᠣᠷᠣᠨ ᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠨᠡᠭᠡᠯᠡᠭᠡᠢ ᠶᠢ ᠤᠯᠠᠮ ᠴᠢᠨᠠᠭᠰᠢᠳᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠲᠣᠣᠷ ᠢ ᠪᠠᠬᠢᠵᠢᠭᠦᠯᠵᠦ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ᠠᠷᠠᠳ ᠤᠯᠠᠨ ᠤ ᠠᠮᠤᠷ ᠲᠦᠪᠰᠢᠨ ᠥᠯᠵᠡᠢ ᠪᠡᠯᠭᠡ ᠲᠠᠢ ᠤᠯᠤᠰ ᠤᠨ ᠪᠠᠶᠠᠷ ᠢ ᠥᠩᠭᠡᠷᠡᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠪᠠ᠃    ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠪᠣᠯᠣᠨ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠬᠠᠢ ᠶᠢᠨ ᠲᠠᠯᠠᠪᠠᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠳᠠᠯ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ᠂ ᠬᠦᠨᠳᠦ ᠶᠡᠭᠡ ᠠᠳᠡᠯ ᠤᠨ ᠭᠡᠮ ᠰᠣᠭᠤᠭ ᠢ ᠪᠠᠶᠢᠴᠠᠭᠠᠵᠤ ᠪᠠᠶᠢᠭ᠎ᠠ ᠪᠠᠶᠢᠳᠠᠯ ᠵᠢᠴᠢ ᠪᠡᠯᠡᠳᠬᠡᠮᠵᠢ ᠲᠥᠬᠦᠭᠡᠷᠦᠮᠵᠢ ᠶᠢᠨ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠪᠣᠯᠣᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠭᠠᠪᠠ᠃ ᠨᠠᠷᠢᠨ ᠨᠢᠭᠲᠠ ᠪᠠᠶᠢᠴᠠᠭᠠᠯᠲᠠ ᠪᠠᠷ ᠲᠠᠮᠵᠢᠨ᠂ ᠭᠤᠭᠴᠤᠭ᠎ᠠ ᠨᠢᠭᠡᠪᠦᠷᠢ ᠨᠢ ᠴᠥᠮ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠡᠭᠦᠨ ᠤ ᠤᠯᠠᠮ ᠠᠴᠠ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ ᠴᠢᠳᠠᠪᠠ᠃ ᠪᠠᠶᠢᠴᠠᠭᠠᠬᠤ ᠳᠤᠭᠤᠶᠢᠯᠠᠩ ᠠᠴᠠ ᠪᠠᠰᠠ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠳ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠠᠴᠠ ᠪᠣᠯᠵᠤ ᠰᠣᠨᠣᠷ ᠰᠡᠷᠡᠮᠵᠢ ᠪᠠᠨ ᠰᠤᠯᠠᠷᠠᠭᠤᠯᠵᠤ ᠶᠠᠭᠠᠬᠢᠭᠰᠠᠨ ᠴᠤ ᠪᠣᠯᠬᠤ ᠦᠭᠡᠢ᠂ ᠡᠷᠬᠡᠪᠰᠢ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠤᠨ ᠬᠤᠭᠤᠴᠠᠭᠠᠨ ᠳᠠᠬᠢ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠵᠤ᠂ ᠪᠦᠬᠦ ᠪᠠᠯᠭᠠᠰᠤᠨ ᠤ ᠠᠷᠠᠳ ᠲᠦᠮᠡᠨ ᠳᠤ ᠪᠠᠶᠠᠷ ᠳᠤᠷᠠᠰᠬᠠᠯ ᠤᠨ ᠡᠳᠦᠷ ᠤᠨ ᠠᠮᠤᠷ ᠠᠮᠤᠭᠤᠯᠠᠩ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠴᠢᠯᠠᠪᠠ᠃    ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠳᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠬᠠᠷᠢᠶᠠᠳᠦ ᠣᠷᠣᠨ ᠤ ᠡᠯ᠎ᠡ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠠᠮᠤᠷ ᠲᠦᠪᠰᠢᠨ ᠤ ᠭᠡᠮ ᠰᠣᠭᠤᠭ ᠢ ᠴᠤᠬᠤᠶᠢᠵᠤ ᠪᠠᠶᠢᠭ᠎ᠠ ᠦᠶ᠎ᠡ ᠳᠤᠨᠢ ᠴᠠᠭ ᠲᠤᠬᠠᠢ ᠳᠤᠨᠢ ᠠᠷᠢᠯᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号