ᠮᠠᠨ ᠤ ᠬᠤᠰᠢᠭᠤ 41 ᠳ᠋ᠦ᠋ᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠣᠭᠳᠠᠭᠤᠯᠪᠠ
ᠨᠡᠶᠢᠲᠡᠯᠡᠭᠰᠡᠨ ᠴᠠᠭ᠄
2024/9/3
      8 ᠰᠠᠷ᠎ᠠ ᠶᠢᠨ 30᠎ ᠤ ᠡᠳᠦᠷ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠴᠣᠭᠴᠠᠯᠠᠶ᠎ᠠ︾ ᠬᠡᠮᠡᠬᠦ ᠭᠤᠤᠯ ᠰᠡᠳᠦᠪᠳᠤ 41 ᠳ᠋ᠤᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠹᠯᠣᠷ ᠪᠠᠭᠠᠳᠠᠢ ᠴᠠᠢ ᠶᠢ ᠳᠠᠷᠬᠠᠭᠠᠬᠤ ᠠᠵᠢᠯᠯᠠᠭ᠎ᠠ ᠴᠡᠷᠢᠭ ᠢ ᠬᠦᠷᠢᠶᠡᠯᠡᠬᠦ ᠲᠠᠯᠠᠪᠠᠶ ᠳᠤ ᠠᠮᠵᠢᠯᠲᠠ ᠲᠠᠢ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠤᠯᠤᠳ ᠠᠴᠠ ᠪᠠᠶᠠᠷ ᠤᠨ ᠦᠭᠡ ᠬᠡᠯᠡᠵᠦ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ       ᠭᠡᠰᠢᠭᠦᠨ᠂ ᠳᠡᠳ᠋ ᠡᠷᠬᠢᠯᠡᠭᠴᠢ ᠪᠠᠶᠠᠨᠰᠦ᠋ᠪ ᠠᠴᠠ ᠡᠵᠡᠨ᠎ᠡ ᠮᠦᠽᠧᠶ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠲᠤ ᠴᠣᠭᠴᠠᠯᠠᠶ᠎ᠠ︾ ᠬᠡᠮᠡᠬᠦ ᠫᠠᠶᠢᠰᠠ ᠣᠯᠭᠤᠪᠠ᠃      ᠲᠣᠰ ᠠᠵᠢᠯᠯᠠᠭ᠎ᠠ ᠳᠤ ᠡᠯ᠎ᠡ ᠰᠤᠮᠤ ᠪᠠᠯᠭᠠᠰᠤᠨ ᠳᠤ ᠹᠯᠣᠷ ᠪᠠᠭᠠᠳᠠᠢ ᠴᠠᠶ ᠳᠠᠷᠬᠠᠭᠠᠬᠤ ᠶᠢᠨ ᠬᠠᠮᠳᠤ ᠲᠤᠬᠠᠶ ᠶᠢᠨ ᠲᠠᠯᠠᠪᠠᠶ ᠳᠤ ᠪᠠᠰᠠ ᠤᠬᠠᠭᠤᠯᠭ᠎ᠠ ᠶᠢᠨ ᠳᠤᠭᠤᠷᠢᠭ ᠢ ᠳᠣᠬᠢᠷᠠᠭᠤᠯᠵᠤ᠂ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠳᠤ ᠹᠯᠣᠷ ᠪᠠᠭᠠᠳᠠᠢ ᠴᠠᠶ ᠶᠢᠨ ᠬᠡᠷᠡᠭᠴᠡᠭᠡ ᠶᠢ ᠳᠥᠬᠡᠮᠡᠯᠵᠢᠯᠡᠬᠦᠯᠦᠨ᠂ ᠥᠷᠭᠡᠨ ᠣᠯᠠᠨ ᠮᠠᠯᠴᠢᠨ ᠲᠠᠷᠢᠶᠠᠴᠢᠨ ᠢ ᠹᠯᠣᠷ ᠪᠠᠭᠠᠳᠠᠢ ᠡᠷᠡᠭᠦᠯ ᠴᠠᠶ ᠶᠢ ᠣᠣᠭᠤᠵᠤ᠂ ᠡᠪᠡᠳᠴᠢᠨ ᠠᠴᠠ ᠰᠡᠷᠭᠡᠶᠢᠯᠡᠬᠦ ᠤᠬᠠᠮᠰᠠᠷ ᠪᠠ ᠡᠷᠡᠭᠦᠯ ᠮᠡᠨᠳᠦ ᠶᠢᠨ ᠬᠡᠷᠡᠭᠯᠡᠭᠡᠨ ᠤ ᠦᠵᠡᠯᠲᠡ ᠶᠢ ᠴᠢᠩᠭᠠᠳᠬᠠᠬᠤ ᠶᠢ ᠬᠦᠳᠦᠯᠦᠨ ᠵᠢᠯᠤᠭᠤᠳᠪᠠ᠃ ᠣᠶᠢᠯᠠᠭᠠᠭᠰᠠᠨ ᠢᠶᠠᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︽ᠴᠥᠭᠡᠨ‌‍ᠲ᠋ᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︾᠎ ᠶᠢᠨ ᠪᠠᠯᠠ ᠮᠥᠩᠭᠦ ᠶᠢ ᠨᠡᠶᠢᠲᠡ 26 ᠲᠦᠮᠡᠨ ᠲᠥᠭᠦᠷᠢᠭ ᠣᠷᠣᠭᠤᠯᠵᠤ᠂ 8 ᠰᠤᠮᠤ ᠪᠠᠯᠭᠠᠰᠤᠨ ᠤ 16 ᠭᠠᠴᠠᠭᠠᠨ ᠤ 1187 ᠡᠷᠦᠬᠡ ᠶᠢᠨ ︵ᠪᠠᠶᠢᠩᠭᠤ ᠰᠠᠭᠤᠭ᠎ᠠ ᠡᠷᠦᠬᠡ︶ ᠮᠠᠯᠴᠢᠳ ᠲᠤ 5417 ᠬᠤᠪᠢ ᠴᠠᠢ ᠬᠤᠳᠠᠯᠳᠤᠨ ᠠᠪᠴᠤ ᠥᠭᠴᠡᠶ᠃       ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠬᠦᠨ᠂ ᠮᠣᠩᠭᠤᠯ ᠬᠡᠯᠡᠨ ᠤ ᠣᠷᠴᠢᠭᠤᠯᠭ᠎ᠠ ᠶᠢᠨ ᠲᠥᠪ ᠤᠨ ᠡᠷᠬᠢᠯᠡᠭᠴᠢ ᠽᠠᠳᠡᠩ᠄ ︽  ᠡᠨᠡ ᠵᠢᠯ ᠤᠨ 9 ᠰᠠᠷ᠎ᠠ ᠪᠣᠯ 41 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠪᠣᠯᠣᠨ᠎ᠠ᠂ ᠥᠨᠥᠳᠦᠷ ᠤᠨ ᠡᠬᠢᠯᠡᠯᠲᠡ ᠶᠢᠨ ᠶᠣᠰᠣᠯᠠᠯ ᠢ ᠥᠷᠨᠢᠭᠦᠯᠬᠦ ᠶᠢᠨ ᠭᠤᠤᠯ ᠵᠣᠷᠢᠯᠭ᠎ᠠ ᠪᠣᠯ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠦᠵᠡᠯ ᠰᠠᠨᠠᠭ᠎ᠠ ᠪᠠᠨ       ᠨᠢᠭᠡᠳᠬᠡᠵᠦ᠂ ᠴᠤᠭ ᠰᠦᠯᠳᠡ ᠪᠠᠨ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠪᠠᠲᠤᠲᠠᠶ ᠠᠬᠢᠭᠤᠯᠬᠤ ᠶᠢᠨ ᠬᠠᠮᠲᠤ ᠨᠠᠮ ᠤᠨ ᠦᠨᠳᠦᠰᠦᠲᠡᠨ ᠤ ᠭᠠᠵᠠᠷ ᠣᠷᠣᠨ ᠳᠤ ᠦᠵᠡᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠣᠤᠷ᠎ᠠ ᠹᠯᠣᠷᠲᠤ ᠴᠠᠢ ᠶᠢ ᠪᠣᠷᠣᠯᠠᠭᠤᠯᠬᠤ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠴᠠᠢ ᠤᠤᠭᠤᠬᠤ ᠳᠠᠳᠬᠠᠯ ᠲᠠᠢ ᠪᠣᠯᠭᠠᠵᠤ᠂ ᠠᠮᠢᠳᠤᠷᠠᠯ ᠤᠨ ᠶᠠᠰᠤ ᠴᠢᠨᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号