ᠡᠨᠡ ᠵᠢᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠠᠮᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠳᠣᠯᠠᠬᠤ ᠲᠠᠯ᠎ᠠ ᠪᠠᠷ ᠶᠠᠮᠠᠷ ᠶᠠᠮᠠᠷ ᠪᠡᠯᠡᠳᠬᠡᠯ ᠠᠵᠢᠯ ᠬᠢᠭᠰᠡᠨ | ᠪᠣᠶ︖ ᠪᠠᠭᠰᠢ ᠶᠢᠨ ᠪᠠᠲᠤᠯᠠᠭ᠎ᠠ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ | ᠶᠠᠮᠠᠷ ᠶᠠᠮᠠᠷ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠭᠠᠷᠭᠠᠭᠰᠠᠨ ᠪᠣᠶ︖ ᠠᠯᠠᠱᠠ ᠠᠶᠢᠮᠠᠭ ᠤᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠶᠤᠸᠠᠢ ᠷᠦᠩ ᠡᠨᠡ ᠳᠣᠬᠠᠢ ᠶᠠᠷᠢᠯᠴᠠᠪᠠ᠃ | ᠰᠣᠷᠪᠣᠯᠵᠢᠯᠠᠭᠴᠢ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠠᠮᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠲᠠᠯ᠎ᠠ ᠪᠠᠷ᠂ ᠶᠠᠮᠠᠷ ᠶᠠᠮᠠᠷ ᠪᠡᠯᠡᠳᠬᠡᠯ ᠠᠵᠢᠯ | ᠬᠢᠭᠰᠡᠨ ᠪᠣᠶ︖ ᠶᠤᠸᠠᠢ ᠷᠦᠩ᠄ ᠰᠤᠷᠭᠠᠭᠤᠯᠢ ᠡᠬᠢᠯᠡᠬᠦ ᠶᠢ ᠪᠠᠳᠣᠯᠠᠬᠤ ᠲᠠᠯ᠎ᠠ ᠪᠠᠷ ᠠᠶᠢᠮᠠᠭ ᠤᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠮᠡᠳᠡᠭᠳᠡᠯ ᠪᠠᠭᠤᠯᠭᠠᠵᠤ᠂ ᠡᠯ᠎ᠡ ᠰᠤᠷᠭᠠᠭᠤᠯᠢ ᠶᠢ ᠰᠤᠷᠭᠠᠭᠤᠯᠢ | ᠡᠬᠢᠯᠡᠬᠦ ᠠᠴᠠ ᠡᠮᠦᠨ᠎ᠡ ᠵᠢᠭᠠᠨ ᠰᠤᠷᠭᠠᠯᠲᠠ ᠶᠢ ᠳᠣᠬᠢᠷᠠᠭᠤᠯᠬᠤ᠂ ᠪᠠᠭᠰᠢ ᠶᠢ ᠲᠣᠬᠢᠷᠠᠭᠤᠯᠬᠤ᠂ ᠰᠤᠷᠭᠠᠭᠤᠯᠢ ᠶᠢᠨ | ᠪᠠᠶᠢᠷᠢ ᠶᠢ ᠰᠡᠯᠪᠢᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠣᠬᠠᠭᠤᠯᠬᠤ᠂ ᠵᠢᠭᠠᠬᠤ ᠮᠠᠲ᠋ᠧᠷᠢᠶᠠᠯ ᠵᠢᠭᠠᠨ ᠰᠤᠷᠭᠠᠯᠲᠠ ᠶᠢ | ᠬᠠᠪᠰᠤᠷᠤᠨ ᠬᠠᠮᠢᠶᠠᠷᠬᠤ᠂ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠱᠠᠭᠠᠷᠳᠠᠭᠰᠠᠨ ᠪᠥᠭᠡᠳ ︽ᠬᠡᠷ ᠤᠨ ᠠᠬᠠᠮᠠᠳ ᠲᠤ ᠥᠭᠭᠦᠭᠰᠡᠨ ᠨᠢᠭᠡ | ᠬᠤᠪᠢ ᠵᠠᠬᠢᠳᠠᠯ︾ ᠢᠶᠠᠷ ᠳᠠᠮᠵᠢᠭᠤᠯᠤᠨ᠂ ᠪᠠᠭᠰᠢ ᠰᠣᠷᠣᠭᠴᠢ ᠪᠠ ᠬᠡᠷ ᠤᠨ ᠠᠬᠠᠮᠠᠳ ᠲᠤ ᠰᠤᠷᠭᠠᠭᠤᠯᠢ | ᠡᠬᠢᠯᠡᠭᠰᠡᠨ ᠢ ᠰᠠᠨᠠᠭᠤᠯᠪᠠ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠡᠯ᠎ᠡ | ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠬᠢᠨᠠᠨ ᠵᠢᠯᠣᠭᠤᠳᠣᠯᠭ᠎ᠠ ᠥᠷᠨᠢᠭᠦᠯᠵᠦ᠂ 9 | ᠰᠠᠷ᠎ᠠ ᠶᠢᠨ 1 ᠤ ᠡᠳᠦᠷ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ | ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ | ᠣᠷᠣᠵᠦ᠂ ᠰᠤᠷᠭᠠᠭᠤᠯᠢ ᠡᠬᠢᠯᠡᠬᠦ ᠠᠵᠢᠯ ᠤᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨ | ᠬᠦ ᠪᠠᠲᠤᠯᠠᠪᠠ᠃ ᠰᠤᠷᠤᠭᠴᠢ ᠡᠯᠰᠡᠬᠦ ᠲᠠᠯ᠎ᠠ ᠪᠠᠷ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠳᠤ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠡᠦᠬᠡᠳ ᠤᠨ ᠴᠡᠴᠡᠷᠯᠢᠭ᠂ | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠤᠷᠤᠭᠴᠢ ᠶᠢᠨ ᠨᠡᠷ᠎ᠡ ᠮᠡᠳᠡᠭᠦᠯᠬᠦ | ︽ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠴᠢᠩᠭ᠎ᠠ | ᠨᠠᠶᠢᠳᠠᠪᠣᠷᠢᠵᠢᠭᠤᠯᠵᠦ᠂ ᠢᠯᠡ ᠪᠠᠷ ᠠᠩᠭᠢ ᠬᠤᠪᠢᠶᠠᠬᠤ᠂ ᠲᠡᠩᠴᠡᠭᠦᠷᠢᠲᠡᠢ ᠪᠠᠷ ᠠᠩᠭᠢ ᠳᠤ ᠬᠤᠪᠢᠶᠠᠷᠢᠯᠠᠬᠤ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠤᠭᠴᠢ ᠡᠯᠰᠡᠬᠦ ᠶᠠᠪᠤᠴᠠ ᠶᠢ ᠰᠢᠯᠢᠳᠡᠭᠵᠢᠬᠦᠯᠦᠨ᠂ ᠰᠤᠷᠤᠭᠴᠢ ᠡᠯᠰᠡᠬᠦ | ᠠᠵᠢᠯᠯᠠᠭ᠎ᠠ ᠶᠢ ᠵᠢᠷᠤᠮᠵᠢᠭᠤᠯᠵᠤ᠂ ᠰᠤᠷᠤᠭᠴᠢ ᠡᠯᠰᠡᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠦ᠂ | ᠡᠷᠬᠡ ᠳᠡᠭᠰᠢ ᠰᠤᠷᠭᠠᠭᠤᠯᠢ ᠳᠤ ᠣᠷᠣᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠵᠦ᠂ ᠬᠡᠦᠬᠡᠳ ᠨᠢᠭᠡᠪᠦᠷᠢ ᠳᠤ ᠴᠥᠮ ᠡᠷᠬᠡ ᠳᠡᠭᠰᠢ ᠴᠢᠨᠠᠷ ᠰᠠᠶᠢᠳᠠᠢ ᠰᠤᠷᠭᠠᠨ ᠬᠥᠮᠦᠵᠢᠯ | ᠬᠦᠷᠲᠡᠭᠡᠨ᠎ᠡ᠃ ᠣᠳᠣᠬᠠᠨ ᠳᠤ᠂ ᠡᠯ᠎ᠡ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠨᠡᠷ᠎ᠡ ᠮᠡᠳᠡᠭᠦᠯᠬᠦ ᠠᠵᠢᠯ | ᠨᠢᠭᠡᠨᠲᠡ ᠪᠦᠬᠦᠨ ᠢᠶᠠᠷ ᠢᠶᠠᠨ ᠳᠠᠭᠤᠰᠪᠠ᠃ | ᠵᠢᠭᠠᠨ ᠰᠤᠷᠭᠠᠯᠲᠠ ᠶᠢ ᠵᠢᠯᠣᠭᠤᠳᠬᠤ ᠲᠠᠯ᠎ᠠ ᠪᠠᠷ 8 ᠰᠠᠷ᠎ᠠ ᠶᠢᠨ 26 ᠤ ᠡᠳᠦᠷ ᠠᠴᠠ ᠡᠬᠢᠯᠡᠨ᠂ | ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠳᠤ ᠰᠠᠭᠤᠭ᠎ᠠ ᠵᠢᠭᠠᠨ ᠰᠤᠳᠤᠯᠬᠤ ᠠᠵᠢᠯ ᠢ ᠵᠠᠯᠭᠠᠭ᠎ᠠ ᠪᠠᠷ | ᠥᠷᠨᠢᠭᠦᠯᠵᠦ᠂ 9 ᠰᠠᠷ᠎ᠠ ᠳᠤ ᠡᠯ᠎ᠡ ᠣᠣᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠂ | ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢ ᠬᠠᠪᠰᠤᠷᠤᠨ ᠲᠡᠳᠬᠦᠵᠦ ᠵᠢᠭᠠᠨ ᠵᠢᠯᠣᠭᠤᠳᠬᠤ ᠪᠠᠷ ᠲᠥᠯᠥᠪᠯᠡᠵᠦ | ᠪᠣᠶ᠃ ᠣᠶᠢᠷ᠎ᠠ ᠶᠢᠨ ᠬᠤᠭᠤᠴᠠᠭᠠᠨ ᠳᠤ ᠪᠠᠰᠠ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠠᠰᠤ ᠴᠢᠨᠠᠷ ᠢ ᠵᠠᠳᠠᠯᠬᠤ ᠬᠤᠷᠠᠯ ᠬᠤᠷᠠᠯᠳᠤᠭᠤᠯᠵᠤ᠂ ᠨᠠᠷᠢᠯᠢᠭ | ᠣᠨᠣᠪᠴᠢᠳᠠᠢ ᠪᠠᠷ ᠵᠠᠳᠠᠯᠵᠤ᠂ ᠨᠠᠷᠢᠯᠢᠭ ᠣᠨᠣᠪᠴᠢᠳᠠᠢ ᠪᠠᠷ ᠵᠢᠯᠣᠭᠤᠳᠤᠨ᠎ᠠ᠃ ᠰᠣᠷᠪᠣᠯᠵᠢᠯᠠᠭᠴᠢ᠄ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖ ᠶᠤᠸᠠᠢ | ᠷᠦᠩ᠄ ᠪᠠᠭᠰᠢ ᠶᠢᠨ ᠬᠦᠴᠦᠨ ᠢ ᠤᠯᠠᠨ ᠠᠷᠭ᠎ᠠ ᠵᠠᠮ ᠢᠶᠠᠷ ᠨᠦᠬᠦᠪᠦᠷᠢᠯᠡᠪᠡ ᠡᠨᠡ ᠵᠢᠯ᠂ ᠤᠷᠢᠳᠴᠢᠯᠠᠨ ᠪᠣᠯᠵᠣᠵᠤ | ᠴᠢᠳᠠᠪᠤᠷᠢᠲᠠᠨ ᠢ ᠲᠠᠲᠠᠬᠤ᠂ ᠠᠵᠢᠯ ᠦᠢᠯᠡᠰ ᠤᠨ ᠨᠢᠭᠡᠴᠡ ᠶᠢᠨ ᠰᠢᠯᠭᠠᠨ ᠡᠯᠰᠡᠬᠦ᠂ ᠰᠤᠷᠭᠠᠭᠤᠯᠢ ᠶᠢᠨ ᠬᠦᠷᠢᠶᠡᠨ ᠤ | ᠠᠵᠢᠯᠲᠠᠨ ᠡᠯᠰᠡᠬᠦ ᠵᠡᠷᠭᠡ ᠠᠷᠭ᠎ᠠ ᠮᠠᠶ᠋ᠢᠭ ᠢᠶᠠᠷ 116 ᠪᠠᠭᠰᠢ ᠡᠯᠰᠡᠵᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠷᠡᠭᠴᠡᠭᠡ ᠶᠢ ᠭᠦᠢᠴᠡᠳ ᠬᠠᠩᠭᠠᠪᠠ᠃ ᠪᠦᠬᠦ | ᠠᠶᠢᠮᠠᠭ ᠤᠨ ᠨᠡᠷᠡᠲᠦ ᠰᠤᠷᠭᠠᠭᠤᠯᠢ ᠶᠢᠨ ᠳᠠᠷᠤᠭ᠎ᠠ 2᠂ ᠨᠡᠷᠡᠲᠦ ᠰᠢᠯᠢᠳᠡᠭ ᠪᠠᠭᠰᠢ 4 ᠶᠢ ᠣᠷᠣᠭᠤᠯᠤᠨ | ᠠᠪᠴᠢᠷᠠᠵᠤ᠂ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ ᠪᠤᠵᠠᠭᠠᠶᠢᠷᠠᠭᠤᠯᠪᠠ᠃ ᠪᠠᠭᠰᠢ ᠶᠢᠨ ᠬᠦᠴᠦᠨ ᠢ ᠳᠣᠬᠢᠷᠠᠭᠤᠯᠬᠤ ᠶᠢ ᠰᠢᠯᠢᠳᠡᠭᠵᠢᠭᠦᠯᠪᠡ ︽︿ | ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ﹀ ᠬᠠᠪᠰᠤᠷᠤᠨ ᠲᠡᠳᠬᠦᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ | ᠢᠳᠡᠷ ᠵᠠᠯᠠᠭᠤ ᠪᠠᠭᠰᠢ ᠨᠠᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠵᠢᠴᠢ | ᠪᠠᠭᠰᠢ ᠶᠢᠨ ᠠᠵᠢᠯ ᠤᠨ ᠪᠠᠶᠢᠷᠢ ᠳᠤ ᠡᠭᠡᠯᠵᠢᠯᠡᠨ ᠰᠤᠷᠭᠠᠨ ᠬᠥᠮᠦᠵᠢᠯ ᠢ ᠳᠡᠮᠵᠢᠬᠦ ᠠᠵᠢᠯ ᠢ ᠥᠷᠨᠢᠭᠦᠯᠬᠦ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2024 ᠣᠨ ᠤ ᠰᠤᠷᠤᠯᠭ᠎ᠠ ᠶᠢᠨ ᠬᠤᠭᠤᠴᠠᠭᠠᠨ ᠳᠤ᠂ 263 ᠪᠠᠭᠰᠢ | ᠰᠣᠯᠢᠯᠴᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠳᠡᠭᠡ ᠲᠣᠰᠬᠤᠨ ᠤ ᠰᠤᠷᠭᠠᠭᠤᠯᠢ ᠪᠠ | ᠪᠠᠭᠤᠷᠠᠶ ᠰᠤᠷᠭᠠᠭᠤᠯᠢ ᠲᠡᠰᠢ ᠰᠢᠯᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠤᠰᠢᠭᠤᠨ ᠤ ᠬᠡᠪᠴᠢᠶᠡᠨ ᠳᠠᠬᠢ | ᠪᠠᠭᠰᠢ ᠶᠢᠨ ᠲᠡᠩᠴᠡᠭᠦᠷᠢᠲᠡᠶ ᠲᠣᠬᠢᠷᠠᠭᠤᠯᠤᠯᠲᠠ ᠶᠢ ᠲᠦᠷᠬᠡᠨ ᠪᠡᠶᠡᠯᠡᠭᠦᠯᠬᠦ ᠶᠢᠨ ᠬᠠᠮᠲᠤ᠂ ᠪᠤᠭᠤᠲᠤ᠂ ᠣᠷᠳᠣᠰ ᠤᠨ | 36 ᠰᠢᠯᠢᠳᠡᠭ ᠪᠠᠭᠰᠢ ᠶᠢ ᠢᠳᠡᠪᠬᠢᠲᠡᠶ ᠵᠣᠬᠢᠴᠠᠭᠤᠯᠵᠤ ᠡᠵᠡᠨ᠎ᠡ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢ | ᠳᠡᠮᠵᠢᠬᠦ ᠪᠠᠷ ᠪᠣᠶ᠃ ᠪᠠᠭᠰᠢᠨᠠᠷ ᠢ ᠪᠣᠯᠪᠠᠰᠣᠷᠠᠭᠤᠯᠬᠤ ᠡᠷᠴᠢᠮ ᠢ ᠴᠢᠩᠭᠠᠷᠠᠭᠤᠯᠪᠡ ᠡᠨᠡ ᠵᠢᠯ ᠠᠴᠠ ᠨᠠᠰᠢ᠂ ᠣᠯᠠᠨ | ᠠᠷᠭ᠎ᠠ ᠵᠠᠮ ᠢᠶᠠᠷ 2000 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠵᠤ᠂ 20 ᠰᠢᠯᠢᠳᠡᠭ ᠵᠠᠯᠠᠭᠤ ᠪᠠᠭᠰᠢ ᠶᠢ | ᠪᠡᠭᠡᠵᠢᠩ ᠤᠨ ᠴᠢᠨᠠᠷ ᠰᠠᠶᠢᠳᠠᠢ ᠰᠤᠷᠭᠠᠭᠤᠯᠢ ᠳᠤ ᠲᠣᠮᠢᠯᠠᠵᠤ 3 ᠰᠠᠷ᠎ᠠ ᠳᠠᠭᠠᠵᠤ ᠪᠣᠯᠪᠠᠰᠤᠷᠠᠯ ᠬᠢᠯᠭᠡᠵᠦ᠂ | ᠪᠠᠭᠰᠢ ᠶᠢᠨ ᠡᠩᠨᠡᠭᠡᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠬᠦᠯᠪᠡ᠃ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭᠠᠨ ᠳᠤ 2000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠨᠠᠭᠠᠳᠤ ᠵᠠᠬ᠎ᠠ ᠳᠠᠭᠠᠨ | 30 ᠪᠠᠭᠰᠢ ᠶᠢ ᠲᠣᠮᠢᠯᠠᠨ ᠪᠡᠭᠡᠵᠢᠩ ᠤᠨ ᠰᠤᠷᠭᠠᠭᠤᠯᠢ ᠳᠤ ᠣᠴᠢᠭᠤᠯᠤᠨ ᠨᠢᠭᠡ ᠬᠤᠭᠤᠴᠠᠭᠠᠨ ᠤ ᠳᠠᠭᠠᠵᠤ | ᠪᠣᠯᠪᠠᠰᠤᠷᠠᠯ ᠬᠢᠯᠭᠡᠬᠦ ᠪᠠᠷ ᠲᠥᠯᠥᠪᠯᠡᠵᠦ ᠪᠠᠶᠢᠨ᠎ᠠ᠃ | ᠪᠠᠭᠰᠢ ᠶᠢᠨ ᠣᠯᠭᠤᠮᠵᠢ ᠶᠢ ᠪᠠᠳᠣᠯᠠᠬᠤ ᠶᠢ ᠴᠢᠩᠭᠠᠳᠬᠠᠪᠡ ᠡᠯ᠎ᠡ ᠰᠤᠷᠭᠠᠭᠤᠯᠢ ᠶᠢ ᠵᠢᠯᠣᠭᠤᠳᠤᠨ ᠠᠮᠵᠢᠯᠲᠠ | ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠪᠠᠭᠰᠢ ᠶᠢᠨ ᠠᠵᠢᠯ ᠬᠢᠵᠦ ᠦᠢᠯᠡᠰ ᠴᠣᠭᠴᠠᠯᠠᠬᠤ ︽ᠴᠤᠭ ᠰᠦᠯᠳᠡ︾ ᠶᠢ ᠬᠥᠭᠵᠢᠭᠡᠪᠡ᠃ 8 ᠳ᠋ᠤᠭᠠᠷ ᠰᠠᠷ᠎ᠠ ᠳᠤ | ︽ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠤᠨ ᠴᠠᠭᠠᠨ ᠨᠡᠷᠡᠰ︾ ᠢ | ᠲᠣᠭᠲᠠᠭᠠᠨ ᠨᠡᠶᠢᠲᠡᠯᠡᠵᠦ᠂ ᠪᠠᠭᠰᠢ ᠶᠢᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠪᠡ᠃ 40 ᠳ᠋ᠦ᠋ᠭᠡᠷ ᠪᠠᠭᠰᠢ ᠶᠢᠨ | ᠪᠠᠶᠠᠷ ᠤᠨ ᠡᠳᠦᠷ ᠣᠶᠢᠷᠠᠳᠴᠤ᠂ ᠪᠢᠳᠡ ᠪᠡᠯᠭᠡᠯᠡᠬᠦ ᠶᠡᠭᠡ ᠬᠤᠷᠠᠯ ᠬᠤᠷᠠᠯᠳᠤᠭᠤᠯᠬᠤ᠂ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ ᠭᠠᠷᠭᠠᠬᠤ ᠪᠠ ᠪᠠᠶᠠᠷ ᠤᠨ ᠡᠳᠦᠷ ᠤᠨ ᠲᠣᠬᠤᠨᠢᠭᠤᠯᠤᠯ᠂ ᠲᠡᠷᠢᠭᠦᠨ ᠤ ᠨᠡᠶᠢᠲᠡᠯᠢᠭ | ᠵᠢᠱᠢᠶ᠎ᠡ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠵᠡᠷᠭᠡ 10 ᠵᠦᠢᠯ ᠤᠨ ᠤᠬᠠᠭᠤᠯᠭ᠎ᠠ ᠪᠡᠯᠭᠡᠯᠡᠬᠦ | ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠨ ᠬᠤᠷᠠᠯᠳᠤᠭᠤᠯᠤᠨ᠎ᠠ᠃ ᠰᠣᠷᠪᠣᠯᠵᠢᠯᠠᠭᠴᠢ᠄ ᠪᠦᠯᠦᠭᠯᠡᠯ ᠮᠠᠶ᠋ᠢᠭ ᠢᠶᠠᠷ | ᠰᠤᠷᠭᠠᠭᠤᠯᠢ ᠡᠷᠬᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠬᠢᠴᠠ ᠪᠠ ᠦᠷ᠎ᠡ | ᠪᠦᠲᠦᠮᠵᠢ ᠪᠠᠶᠢᠬᠤ ᠪᠤᠢ︖ ᠶᠤᠸᠠᠢ ᠷᠦᠩ᠄ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ ᠶᠢ ᠠᠬᠢᠭᠤᠯᠬᠤ ᠪᠣᠯ | ᠮᠠᠨ ᠤ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢᠯᠠᠨ᠂ ᠬᠡᠷ ᠤᠨ ᠡᠭᠦᠳᠡᠨ ᠳᠠᠬᠢ ᠰᠤᠷᠭᠠᠭᠤᠯᠢ ᠶᠢ | ᠴᠢᠷᠮᠠᠶᠢᠨ ᠰᠠᠶᠢᠲᠤᠷ ᠡᠷᠭᠢᠯᠡᠵᠦ᠂ ᠣᠯᠠᠨ ᠲᠦᠮᠡᠨ ᠢ ᠣᠶᠢᠷ᠎ᠠ ᠬᠠᠪᠢ ᠳᠠᠭᠠᠨ ᠰᠠᠶᠢᠨ ᠰᠣᠷᠣᠯᠴᠠᠭᠤᠯᠬᠤ ᠴᠢᠬᠤᠯᠠ | ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠠᠶᠢᠮᠠᠭ ᠨᠢᠳᠤᠨᠤᠨ ᠫᠠᠶᠢᠰᠠ ᠡᠯᠭᠦᠨ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢ | ᠪᠠᠶᠢᠭᠤᠯᠤᠭᠰᠠᠨ ᠤ ᠳᠠᠷᠠᠭ᠎ᠠ᠂ ᠡᠨᠡ ᠵᠢᠯ ᠪᠠᠰᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢ ᠫᠠᠶᠢᠰᠠ ᠡᠯᠭᠦᠨ ᠪᠠᠶᠢᠭᠤᠯᠵᠤ᠂ | ᠰᠤᠷᠭᠠᠭᠤᠯᠢ ᠶᠢᠨ ᠵᠠᠬᠢᠷᠤᠯ᠂ ᠵᠢᠯᠣᠭᠤᠳᠬᠤ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠵᠤ᠂ ᠪᠡᠭᠡᠵᠢᠩ ᠤᠨ | ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ ᠪᠠᠭᠰᠢ ᠶᠢᠨ ᠠᠵᠢᠯ ᠤᠨ ᠪᠠᠶᠢᠷᠢ ᠶᠢ ᠳᠠᠭᠠᠬᠤ᠂ | ᠪᠠᠶᠢᠩᠭᠤ ᠶᠢᠨ ᠵᠢᠭᠠᠨ ᠰᠤᠳᠤᠯᠭᠠᠨ᠂ ᠬᠢᠴᠢᠶᠡᠯ ᠤᠨ ᠪᠠᠶᠢᠭᠤᠯᠤᠯᠲᠠ᠂ ᠰᠤᠷᠤᠭᠴᠢᠳ ᠤᠨ ᠰᠣᠯᠢᠯᠴᠠᠭ᠎ᠠ ᠵᠡᠷᠭᠡ | ᠣᠯᠠᠨ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ ᠪᠠᠶᠢᠭᠤᠯᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠰᠤᠷᠭᠠᠨ | ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ ᠨᠠᠩ ᠡᠷᠬᠡ ᠲᠡᠭᠰᠢ ᠪᠠᠷ | ᠬᠦᠷᠲᠡᠭᠡᠪᠡ᠃ | ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠴᠢᠨᠠᠷ ᠰᠠᠶᠢᠲᠠᠶ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠥᠯᠥᠭᠡᠯᠡᠬᠦ᠂ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠨᠠᠶᠢᠳᠠᠨ ᠬᠠᠮᠢᠶᠠᠷᠣᠭᠤᠯᠬᠤ᠂ ᠣᠯᠠᠨ ᠬᠠᠤᠯᠢ ᠶᠢᠨ ᠡᠷᠬᠡᠲᠡᠨ ᠢ ᠵᠣᠬᠢᠶᠠᠨ ᠪᠠᠶᠢᠭᠤᠯᠬᠤ᠂ | ᠠᠳᠠᠯᠢ ᠰᠣᠷᠣᠯᠭ᠎ᠠ ᠶᠢᠨ ᠱᠠᠳᠣ᠂ ᠰᠤᠷᠤᠯᠭ᠎ᠠ ᠶᠢᠨ ᠱᠠᠲᠤ ᠠᠯᠣᠰᠯᠠᠬᠤ᠂ ᠣᠷᠣᠨ ᠪᠦᠰᠡ ᠠᠯᠣᠰᠯᠠᠬᠤ ᠵᠡᠷᠭᠡ | ᠰᠤᠷᠭᠠᠭᠤᠯᠢ ᠡᠷᠭᠢᠯᠡᠬᠦ ᠣᠯᠠᠨ ᠶᠠᠩᠵᠤ ᠶᠢᠨ ᠬᠡᠯᠪᠡᠷᠢ ᠶᠢ ᠠᠪᠴᠤ᠂ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠬᠠᠮᠤᠷᠬᠤ ᠬᠡᠪᠴᠢᠶ᠎ᠡ ᠪᠠ ᠠᠰᠢᠭ ᠭᠥᠷᠳᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | 2025 ᠣᠨ ᠤ ᠡᠴᠦᠰ ᠪᠣᠯᠬᠤ ᠳᠤ᠂ ᠪᠥᠬᠦ ᠠᠶᠢᠮᠠᠭ ᠤᠨ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ | ᠬᠠᠮᠣᠷᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ | ᠰᠤᠷᠭᠠᠭᠤᠯᠢ᠂ ᠣᠣᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢ ᠬᠠᠮᠣᠷᠬᠤ | ᠨᠣᠷᠮ᠎ᠠ ᠶᠢ 100% ᠳᠤ ᠬᠦᠷᠦᠭᠦᠯᠬᠦ ᠪᠠᠷ ᠲᠥᠯᠥᠪᠯᠡᠵᠦ ᠪᠠᠶᠢᠨ᠎ᠠ᠃ |