ᠨᠢᠭᠡ᠂ ᠬᠥᠬᠡ ᠬᠠᠭᠤᠷᠠᠢ ᠡᠪᠡᠰᠦ ᠶᠢ ᠡᠭᠡᠭᠡᠵᠦ ᠬᠠᠳᠠᠭᠠᠬᠤ ᠬᠠᠳᠤᠭᠰᠠᠨ ᠬᠥᠬᠡ ᠡᠪᠡᠰᠦ ᠪᠠᠨ ᠲᠤᠬᠠᠢ ᠶᠢᠨ | ᠭᠠᠵᠠᠷ ᠲᠤᠨᠢ 1-2d ᠳᠡᠯᠭᠡᠵᠦ᠂ ᠳᠤᠮᠳᠠ ᠨᠢ ᠨᠢᠭᠡ ᠤᠳᠠᠭ᠎ᠠ ᠤᠷᠪᠠᠭᠤᠯᠵᠤ᠂ ᠰᠠᠯᠠᠭ᠎ᠠ ᠨᠠᠮᠠᠭ᠎ᠠ ᠶᠢᠨ ᠤᠰᠤᠨ ᠤ | ᠬᠡᠮᠵᠢᠶ᠎ᠡ ᠨᠢ 23% ᠣᠷᠴᠢᠮ ᠪᠣᠯᠬᠤ ᠦᠶ᠎ᠡ ᠳᠤ ᠪᠣᠭᠤᠵᠢᠯᠠᠵᠤ᠂ ᠲᠠᠷᠢᠶᠠᠨ ᠳᠤ ᠲᠠᠯᠪᠢᠵᠤ᠂ ᠪᠦᠷᠢᠮᠦᠰᠦᠨ | ᠬᠠᠳᠠᠭᠰᠠᠨ ᠤ ᠳᠠᠷᠠᠭ᠎ᠠ ᠲᠡᠭᠡᠭᠡᠪᠦᠷᠢᠯᠡᠨ ᠠᠪᠴᠢᠷᠠᠵᠤ ᠬᠠᠳᠠᠭᠠᠯᠠᠨ᠎ᠠ᠃ ᠪᠠᠰᠠ ᠨᠡᠷᠡᠨ ᠳᠤ ᠡᠭᠡᠭᠡᠬᠦ ᠭᠠᠵᠠᠷ ᠲᠤ ᠳᠠᠬᠢᠨ | ᠡᠭᠡᠭᠡᠵᠦ ᠬᠠᠲᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠬᠠᠳᠠᠭᠠᠯᠠᠵᠤ ᠪᠣᠯᠣᠨ᠎ᠠ᠂ ᠨᠡᠷᠡᠨ ᠳᠤ ᠡᠭᠡᠭᠡᠭᠰᠡᠨ ᠬᠥᠬᠡ | ᠬᠠᠭᠤᠷᠠᠢ ᠡᠪᠡᠰᠦᠨ ᠤ ᠤᠰᠤᠨ ᠤ ᠠᠭᠤᠯᠤᠭᠳᠠᠴᠠ ᠶᠢ 14% ᠠᠴᠠ ᠳᠣᠷᠣᠭᠰᠢ ᠪᠠᠶᠢᠯᠭᠠᠬᠤ ᠶᠢ ᠪᠠᠲᠤᠯᠠᠨ᠎ᠠ᠃ | ᠡᠪᠡᠰᠦ ᠬᠤᠷᠢᠶᠠᠬᠤ ᠶᠠᠰᠤ ᠴᠢᠨᠠᠷ ᠤᠨ ᠱᠠᠭᠠᠷᠳᠠᠯᠭ᠎ᠠ᠄ ᠡᠷᠬᠡᠪᠰᠢ ᠠᠰ ᠰᠢᠯᠤᠭᠤᠨ ᠢᠶᠠᠷ ᠳᠠᠯᠠᠩᠳᠠᠬᠤ ᠬᠡᠷᠡᠭᠲᠡᠢ᠂ | ᠰᠢᠷᠣᠢ ᠪᠣᠯᠣᠨ ᠪᠤᠰᠤᠳ ᠶᠠᠭᠤᠮ᠎ᠠ ᠬᠡᠦᠮ᠎ᠡ ᠶᠢ ᠡᠪᠡᠰᠦᠨ ᠣᠪᠣᠭᠠᠨ ᠳᠤ ᠣᠷᠤᠭᠤᠯᠵᠤ ᠪᠣᠯᠬᠤ ᠦᠭᠡᠢ᠃ ᠳᠠᠬᠢᠨ | ᠳᠠᠪᠲᠠᠨ ᠡᠪᠡᠰᠦ ᠬᠤᠷᠢᠶᠠᠬᠤ ᠪᠤᠶᠤ ᠭᠤᠭᠤᠵᠢᠭᠤᠯᠵᠤ ᠪᠣᠯᠬᠤ ᠦᠭᠡᠢ᠂ ᠬᠤᠷᠢᠶᠠᠵᠤ ᠪᠠᠷᠠᠭᠰᠠᠨ ᠤ ᠳᠠᠷᠠᠭᠠᠬᠢ | ᠡᠪᠡᠰᠦᠨ ᠣᠪᠣᠭᠠᠨ ᠤ ᠬᠡᠮᠵᠢᠶ᠎ᠡ ᠨᠢ ᠵᠢᠭᠳᠡ ᠪᠥᠭᠡᠳ ᠪᠣᠭᠤᠵᠢᠯᠠᠬᠤ ᠮᠠᠰᠢᠨ ᠤ ᠮᠠᠲ᠋ᠧᠷᠢᠶᠠᠯ ᠣᠷᠣᠭᠤᠯᠬᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠪᠣᠭᠤᠵᠢᠯᠠᠬᠤ ᠴᠢᠨᠠᠷ ᠤᠨ ᠱᠠᠭᠠᠷᠳᠠᠯᠭ᠎ᠠ᠄ ᠨᠣᠬᠠᠢ ᠶᠢᠨ | ᠬᠤᠰᠢᠭᠤ ᠶᠢᠨ ᠤᠰᠤ ᠶᠢᠨ ᠬᠡᠮᠵᠢᠶ᠎ᠡ ᠶᠢ 10%-14% ᠳᠤ ᠬᠢᠵᠠᠭᠠᠷᠯᠠᠵᠤ᠂ ᠪᠣᠭᠤᠵᠢᠯᠠᠬᠤ ᠨᠢᠭᠲᠠᠴᠠ ᠶᠢ | 260-270kg/m3 ᠳᠤ ᠬᠢᠵᠠᠭᠠᠷᠯᠠᠬᠤ ᠬᠡᠷᠡᠭᠲᠡᠢ᠃ ᠬᠤᠶᠠᠷ᠂ ᠨᠣᠬᠠᠢ ᠶᠢᠨ ᠬᠤᠰᠢᠭᠤ ᠶᠢ ᠳᠠᠷᠤᠰᠢᠭᠤᠯᠬᠤ | ᠨᠣᠬᠠᠢ ᠶᠢᠨ ᠬᠤᠰᠢᠭᠤ ᠶᠢ ᠳᠠᠷᠤᠰᠢᠭᠤᠯᠬᠤ ᠨᠢ ᠡᠷᠳᠡᠨᠢ ᠰᠢᠰᠢ ᠶᠢ ᠳᠠᠷᠤᠰᠢᠭᠤᠯᠬᠤ ᠲᠠᠢ ᠠᠳᠠᠯᠢᠪᠲᠤᠷ᠂ ᠨᠣᠬᠠᠢ ᠶᠢᠨ | ᠬᠤᠰᠢᠭᠤ ᠨᠢ ᠳᠠᠷᠤᠰᠢᠭᠤᠯᠬᠤ ᠵᠣᠭᠤᠷᠢ ᠶᠢᠨ ᠬᠡᠯᠪᠡᠷᠢ ᠶᠢ ᠬᠡᠷᠡᠭᠯᠡᠵᠦ᠂ ᠤᠰᠤ ᠶᠢᠨ ᠬᠡᠮᠵᠢᠶ᠎ᠡ ᠶᠢ ᠨᠢ | 55%-65% ᠳᠤ ᠬᠢᠵᠠᠭᠠᠷᠯᠠᠵᠤ᠂ ᠬᠡᠷᠴᠢᠬᠦ ᠣᠷᠳᠣ ᠨᠢ ᠶᠡᠷᠦ ᠳᠡᠭᠡᠨ 2-3cm ᠪᠠᠶᠢᠯᠭᠠᠨ᠎ᠠ᠃ ᠬᠡᠷᠪᠡ | ᠤᠰᠤᠨ ᠤ ᠬᠡᠮᠵᠢᠶ᠎ᠡ ᠨᠢ 55% ᠠᠴᠠ ᠳᠣᠣᠷ᠎ᠠ ᠪᠠᠶᠢᠪᠠᠯ᠂ ᠭᠡᠷᠴᠢᠬᠦ ᠤᠷᠲᠤ ᠶᠢᠨ ᠬᠡᠮᠵᠢᠶ᠎ᠡ ᠶᠢ 1cm | ᠳᠣᠷᠤᠭᠰᠢᠯᠠᠭᠤᠯᠪᠠᠯ ᠲᠠᠷᠤᠰᠢᠭᠤᠯᠵᠦ ᠪᠤᠯᠤᠩᠨᠠᠬᠤ᠃ ᠳᠠᠷᠤᠯᠲᠠ ᠶᠢ 750kg/m3 ᠪᠠᠶᠢᠯᠭᠠᠨ᠎ᠠ︔ ᠥᠷᠭᠡᠨ | ᠳᠤᠭᠤᠶᠢᠯᠠᠪᠤᠷᠢ ᠪᠠᠷ ᠪᠠᠭᠲᠠᠭᠠᠮᠵᠢ ᠶᠢ ᠳᠠᠷᠤᠵᠤ᠂ ᠶᠡᠭᠡ ᠪᠠᠭ᠎ᠠ ᠲᠷᠠᠺᠲ᠋ᠣᠷ ᠢ ᠬᠠᠪᠰᠤᠷᠭᠠᠨ ᠬᠡᠷᠡᠭᠯᠡᠵᠦ᠂ ᠬᠡᠷᠪᠡ | 1d ᠳᠤ ᠳᠠᠷᠤᠵᠤ ᠪᠠᠷᠠᠬᠤ ᠦᠭᠡᠢ ᠪᠣᠯ ᠪᠦᠲᠡᠭᠡᠬᠦ ᠬᠡᠷᠡᠭᠲᠡᠢ᠃ ᠬᠦᠬᠡ ᠳᠠᠷᠤᠰᠢ ᠪᠣᠭᠤᠵᠢᠯᠠᠵᠤ ᠳᠠᠷᠤᠰᠢᠭᠤᠯᠬᠤ | ᠮᠠᠰᠢᠨ ᠲᠥᠬᠦᠭᠡᠷᠦᠮᠵᠢ ᠪᠠᠷ ᠬᠦᠬᠡ ᠳᠠᠷᠤᠰᠢ ᠪᠣᠭᠤᠵᠢᠯᠠᠵᠤ ᠳᠠᠷᠤᠰᠢᠭᠤᠯᠤᠨ᠂ ᠳᠡᠵᠢᠭᠡᠯ ᠡᠪᠡᠰᠦ ᠪᠣᠷᠳᠣᠭᠠᠨ ᠤ | ᠤᠰᠤᠨ ᠤ ᠠᠭᠤᠯᠤᠭᠳᠠᠴᠠ ᠶᠢ 60%-65% ᠳᠤ ᠬᠢᠵᠠᠭᠠᠷᠯᠠᠬᠤ ᠬᠡᠷᠡᠭᠲᠡᠢ᠃ |