ᠬᠥᠯᠥᠰᠦᠨ ᠠᠵᠢᠯᠴᠢᠨ ᠤ ᠴᠠᠯᠢᠩ ᠤᠨ ᠵᠠᠭᠤᠷᠠᠯᠳᠤᠭᠠᠨ ᠢ ᠪᠦᠬᠦ ᠬᠦᠴᠦᠨ ᠢᠶᠠᠷ ᠢᠶᠠᠨ ᠡᠶᠡᠳᠡᠭᠦᠯᠦᠨ ᠰᠢᠢᠳᠪᠣᠷᠢᠯᠠᠪᠠ
ᠨᠡᠶᠢᠲᠡᠯᠡᠭᠰᠡᠨ ᠴᠠᠭ᠄
2024/9/4
      ᠴᠠᠯᠢᠩ ᠬᠥᠯᠥᠰᠦ ᠪᠣᠯ ᠥᠷᠭᠡᠨ ᠤᠯᠠᠨ ᠬᠥᠯᠥᠰᠦᠨ ᠠᠵᠢᠯᠴᠢᠨ ᠤ ᠬᠠᠮᠤᠭ ᠤᠨ ᠰᠢᠭᠤᠳ᠂ ᠬᠠᠮᠤᠭ ᠤᠨ ᠭᠤᠣᠯ ᠡᠷᠬᠡ ᠠᠰᠢᠭ ᠮᠥᠨ᠂ ᠬᠥᠯᠥᠰᠦᠨ ᠠᠵᠢᠯᠴᠢᠨ ᠤ ᠴᠠᠯᠢᠩ  ᠬᠦᠯᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠨᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠣ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 9 ᠰᠠᠷ᠎ᠠ ᠶᠢᠨ 2᠎ ᠎ ᠤ ᠡᠳᠦᠷ᠂ ᠬᠠᠷ᠎ᠠ  ᠪᠦᠷᠭᠦᠳ ᠤᠨ ᠠᠭᠤᠯᠠ ᠪᠠᠯᠭᠠᠰᠤᠨ ᠤ ᠵᠠᠰᠠᠭ ᠤᠨ ᠣᠷᠳᠣᠨ᠂ ᠾᠧᠢ ᠶᠢᠩ ᠱᠠᠨ ᠤ ᠬᠢᠯᠢ ᠶᠢᠨ ᠲᠣᠮᠢᠯᠠᠭᠰᠠᠨ ᠰᠠᠯᠪᠤᠷᠢ ᠠᠴᠠ ᠪᠦᠷᠢᠯᠳᠦᠭᠰᠡᠨ ᠡᠶᠡᠳᠡᠭᠦᠯᠬᠦ ᠠᠵᠢᠯ ᠤᠨ ᠳᠤᠭᠤᠶᠢᠯᠠᠩ ᠬᠥᠯᠥᠰᠦᠨ ᠠᠵᠢᠯᠴᠢᠨ ᠤ ᠴᠠᠯᠢᠩ ᠤᠨ ᠵᠥᠷᠢᠴᠡᠯ ᠵᠢᠭᠤᠷᠠᠯᠳᠤᠭᠠᠨ ᠢ ᠠᠮᠵᠢᠯᠲᠠᠲᠠᠢ ᠡᠶᠡᠳᠡᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠮᠠᠰᠢ ᠰᠠᠶᠢᠨ ᠨᠡᠶᠢᠭᠡᠮ ᠤᠨ ᠦᠷ᠎ᠡ ᠪᠦᠲᠦᠮᠵᠢ ᠣᠯᠪᠠ᠃      ᠡᠶᠡᠳᠡᠭᠦᠯᠦᠭᠴᠢ ᠠᠴᠠ ᠬᠥᠯᠥᠰᠦᠨ ᠠᠵᠢᠯᠴᠢᠨ ᠤ ᠴᠠᠯᠢᠩ ᠤᠨ ᠵᠠᠭᠤᠷᠠᠯᠳᠤᠭᠠᠨ ᠤ ᠤᠴᠢᠷ ᠰᠢᠯᠲᠠᠭᠠᠨ ᠢ ᠣᠶᠢᠯᠠᠭᠠᠭᠰᠠᠨ ᠤ ᠳᠠᠷᠠᠭ᠎ᠠ᠂ ᠬᠥᠯᠥᠰᠦᠨ ᠠᠵᠢᠯᠴᠢᠨ ᠤ ᠤᠷᠮ᠎ᠠ ᠰᠡᠳᠬᠢᠯᠭᠡ ᠶᠢ ᠲᠠᠶᠢᠳᠬᠤᠷᠠᠭᠤᠯᠤᠨ ᠲᠣᠭᠳᠠᠪᠣᠷᠢᠵᠢᠭᠤᠯᠵᠣ᠂ ᠬᠤᠶᠠᠷ ᠲᠠᠯ᠎ᠠ ᠪᠠᠷ ᠢᠶᠠᠨ ︽ᠬᠥᠯᠥᠰᠦᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠳᠦᠷᠢᠮ︾᠎ ᠳᠠᠬᠢ ᠴᠠᠯᠢᠩ ᠢ ᠲᠥᠯᠥᠵᠦ ᠳᠠᠭᠤᠰᠬᠠᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠣᠨᠴᠠᠭᠠᠶ ᠲᠣᠭᠲᠠᠭᠠᠯ ᠵᠡᠷᠭᠡ ᠲᠤᠰ ᠬᠡᠷᠡᠭ ᠲᠤ ᠬᠤᠯᠪᠣᠭᠳᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠢ ᠨᠠᠷᠢᠨ ᠲᠣᠳᠣᠷᠬᠠᠢ ᠦᠬᠦᠯᠡᠪᠡ᠃ ᠡᠶᠡᠳᠡᠭᠦᠯᠦᠭᠴᠢ ᠬᠦᠯᠢᠴᠡᠩᠭᠦᠢ ᠪᠠᠷ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠤᠴᠢᠷ ᠢ ᠲᠣᠳᠣᠷᠬᠠᠶᠢᠯᠠᠭᠰᠠᠨ ᠤ ᠲᠠᠷᠠᠭ᠎ᠠ᠂ ᠡᠴᠦᠰ ᠲᠡᠭᠡᠨ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠡᠶᠡᠳᠡᠭᠦᠯᠬᠦ ᠳᠤᠭᠤᠶᠢᠯᠠᠩ ᠤᠨ ᠳᠤᠷᠠᠳᠤᠭᠰᠠᠨ ᠲᠤᠬᠠᠢ ᠶᠢᠨ ᠡᠳᠦᠷ ᠲᠤ ᠴᠠᠯᠢᠩ ᠢᠶᠠᠨ ᠥᠭᠴᠦ ᠳᠠᠭᠤᠰᠬᠠᠬᠤ ᠡᠶᠡᠳᠡᠭᠦᠯᠭᠡ ᠶᠢᠨ ᠲᠥᠰᠥᠯ ᠢ ᠵᠥᠪᠰᠢᠶᠡᠷᠡᠪᠡ᠂ ᠢᠩᠭᠢᠭᠡᠳ 20 ᠭᠠᠷᠤᠢ ᠬᠥᠮᠥᠨ ᠳᠤ ᠬᠤᠯᠪᠣᠭᠳᠠᠭᠰᠠᠨ ᠴᠠᠯᠢᠩ ᠤᠨ ᠵᠢᠭᠤᠷᠠᠯᠳᠤᠭᠠᠨ ᠲᠡᠭᠦᠰ ᠠᠮᠵᠢᠯᠲᠠ ᠲᠠᠢ ᠰᠢᠢᠳᠪᠣᠷᠢᠯᠡᠭᠳᠡᠪᠡ᠃      ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠳᠠᠭ ᠦᠭᠡᠢ᠂ ᠬᠠᠷ᠎ᠠ  ᠪᠦᠷᠭᠦᠳ ᠤᠨ ᠠᠭᠤᠯᠠ ᠪᠠᠯᠭᠠᠰᠤ ᠢᠮᠠᠭᠲᠠ ᠬᠥᠳᠡᠯᠮᠦᠷᠢᠴᠢᠳ ᠤᠨ ᠡᠷᠬᠡ ᠠᠰᠢᠭ  ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠬᠦ ᠪᠣᠳᠠᠲᠠᠢ ᠠᠷᠭ᠎ᠠ ᠭᠠᠷᠭᠠᠵᠤ᠂ ᠪᠣᠳᠠᠲᠠᠢ ᠠᠵᠢᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ  ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠣᠯᠠᠨ ᠲᠦᠮᠡᠨ ᠤ ᠪᠠᠴᠢᠮ  ᠬᠦᠴᠢᠷ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠣᠯᠣᠨ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠲᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠤᠯᠢ ᠴᠠᠭᠠᠵᠠ ᠶᠢᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠬᠡᠮ ᠰᠣᠭᠤᠭ ᠢ ᠢᠳᠡᠪᠬᠢᠲᠡᠢ ᠪᠠᠷ ᠰᠤᠷᠪᠤᠯᠵᠢᠯᠠᠨ ᠪᠠᠶᠢᠴᠠᠭᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠦᠢᠯᠡᠳᠦᠯᠭᠡᠵᠢᠭᠦᠯᠦᠨ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号