ᠡᠵᠡᠨ᠎ᠡ ᠬᠤᠰᠢᠭᠤ᠄  ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ ᠴᠠᠭᠳᠠᠭ᠎ᠠ ᠶᠢᠨ ᠪᠠᠶᠠᠷ ᠢ ᠬᠠᠮᠲᠤ ᠪᠠᠷ ᠪᠡᠯᠬᠡᠯᠡᠪᠡ
ᠨᠡᠶᠢᠲᠡᠯᠡᠭᠰᠡᠨ ᠴᠠᠭ᠄
2025/1/14
      1 ᠰᠠᠷ᠎ᠠ ᠶᠢᠨ 10᠎ ᠤ ᠡᠳᠦᠷ᠂ ᠥᠷᠭᠡᠨ ᠣᠯᠠᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠡᠵᠡᠨ᠎ᠡ ᠬᠤᠰᠢᠭᠤᠨ ︽ᠲᠠᠪᠤᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾᠎ ᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠲᠤᠬᠠᠢ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠦ᠋ ᠶᠦᠩ ᠭᠠᠩ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠨᠢᠭᠡᠳᠦᠭᠡᠷ ᠹᠷᠣᠨᠲ ᠲᠤ ᠵᠢᠵᠢᠭᠦᠷᠯᠡᠵᠦ ᠪᠠᠶᠢᠭ᠎ᠠ ᠴᠠᠭᠳᠠᠭ᠎ᠠ ᠶᠢᠨ ᠬᠦᠴᠦᠨ ᠢ ᠪᠣᠯᠭᠤᠭᠠᠨ ᠲᠣᠬᠤᠨᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃        ᠳᠠᠷᠠᠭ᠎ᠠ ᠨᠢ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ᠳ᠋ᠦᠩᠨᠡᠯᠲᠡ ᠶᠢᠨ ᠬᠥᠬᠢᠭᠦᠯᠦᠨ ᠰᠠᠶᠢᠰᠢᠶᠠᠬᠤ ᠬᠤᠷᠠᠯ ᠬᠢᠪᠡ᠃ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ 2024 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ ᠬᠥᠬᠢᠭᠦᠯᠦᠨ ᠰᠠᠶᠢᠰᠢᠶᠠᠬᠤ ᠵᠠᠷᠯᠢᠭ ᠪᠣᠯᠣᠨ ᠲᠡᠷᠢᠭᠦᠨ ᠤ ᠬᠠᠮᠲᠤ ᠨᠢᠭᠡᠴᠡ᠂ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠱᠠᠩᠨᠠᠯ ᠬᠦᠷᠲᠡᠭᠰᠡᠳ ᠵᠢᠴᠢ  ᠴᠠᠭᠳᠠᠭᠠᠨ ᠤ ᠠᠵᠢᠯ ᠢ ᠡᠷᠬᠢᠯᠡᠭᠰᠡᠨ 10 ᠵᠢᠯ ᠤᠨ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠵᠠᠢ᠃ ᠱᠠᠩᠨᠠᠯ ᠣᠯᠣᠭᠰᠠᠨ ᠲᠥᠯᠥᠭᠡᠯᠡᠭᠴᠢ᠂ ᠴᠠᠭᠳᠠᠭ᠎ᠠ ᠶᠢᠨ ᠭᠡᠷ ᠪᠦᠯᠢ ᠶᠢᠨ ᠲᠥᠯᠥᠭᠡᠯᠡᠭᠴᠢ ᠲᠣᠰ ᠲᠣᠰ ᠱᠠᠩᠨᠠᠯ ᠣᠯᠣᠭᠰᠠᠨ ᠲᠥᠷᠥᠭᠳᠡᠯ ᠢᠶᠠᠨ ᠶᠠᠷᠢᠵᠤ᠂ ᠵᠠᠯᠠᠭᠤ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠲᠤ ᠪᠠᠶᠠᠷ ᠤᠨ ᠡᠳᠦᠷ ᠤᠨ ᠰᠣᠷᠭᠤᠭ ᠴᠡᠴᠡᠭ ᠬᠦᠷᠭᠡᠪᠡ᠃      ᠴᠠᠭᠳᠠᠭᠠᠨ ᠤ ᠭᠡᠷ ᠤᠨ ᠬᠥᠮᠥᠨ ᠯᠢ ᠰᠢᠶᠣᠣ ᠲᠢᠩ᠄  ︽ᠭᠡᠷ ᠤᠨ ᠬᠥᠮᠥᠨ ᠪᠣᠯᠤᠭᠰᠠᠨ ᠤ ᠬᠤᠪᠢ ᠳᠤ᠂ ᠲᠡᠳᠡᠨ ᠤ ᠠᠶᠤᠯ ᠲᠦᠭᠰᠢᠭᠦᠷᠢ ᠶᠢᠨ ᠳᠤᠮᠳᠠ ᠴᠡᠭᠡᠵᠢ ᠲᠦᠷᠢᠨ ᠠᠵᠢᠯᠯᠠᠬᠤ ᠶᠢ ᠦᠵᠡᠬᠦ ᠪᠣᠯᠭᠠᠨ᠂ ᠪᠢ ᠪᠦᠷ ᠰᠠᠨᠠᠭ᠎ᠠ ᠵᠣᠪᠠᠭ᠋ᠤ ᠮᠥᠷᠲᠡᠭᠡᠨ ᠪᠠᠰᠠ ᠣᠮᠣᠭᠰᠢᠨ᠎ᠠ᠃ ᠲᠡᠳᠡ ᠪᠣᠯ ᠴᠠᠭᠳᠠᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠮᠠᠨ ᠤ ᠭᠡᠷ ᠤᠨ ᠬᠥᠮᠥᠰ ᠤᠨ ᠣᠮᠣᠭᠰᠢᠯ ᠮᠥᠨ᠃ ᠡᠨᠡ ᠬᠦ ᠣᠨᠴᠠᠭᠠᠶ ᠡᠳᠦᠷ ᠤᠳ ᠲᠤ᠂ ᠪᠢ ᠪᠦᠬᠦ ᠴᠠᠭᠳᠠᠭ᠎ᠠ ᠶᠢᠨ ᠭᠡᠷ ᠪᠦᠯᠢ ᠶᠢᠨ ᠬᠢᠨ ᠢ ᠲᠥᠯᠥᠭᠡᠯᠡᠵᠦ᠂ ᠴᠠᠭᠳᠠᠭ᠎ᠠ ᠶᠢᠨ ᠪᠠᠶᠠᠷ ᠤᠨ ᠮᠡᠨᠳᠦ ᠬᠦᠷᠭᠡᠶ᠎ᠡ᠂ ᠲᠠ ᠨᠠᠷ ᠵᠦᠳᠡᠷᠡᠯ᠎ᠡ ᠭᠡᠵᠦ ᠬᠡᠯᠡᠶ᠎ᠡ ᠭᠡᠵᠦ ᠪᠣᠳᠣᠵᠤ ᠪᠠᠢᠨ᠎ᠠ︾  ᠭᠡᠪᠡ᠃      2020 ᠣᠨ ᠤ 7 ᠰᠠᠷ᠎ᠠ ᠶᠢᠨ 11᠎ ᠤ ᠡᠳᠦᠷ᠂ ᠨᠠᠮ ᠤᠨ ᠲᠥᠪ ᠬᠤᠷᠢᠶᠠᠨ ᠤ ᠵᠥᠪᠰᠢᠶᠡᠷᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠪᠠᠷ᠂ 2021 ᠣᠨ ᠠᠴᠠ ᠡᠬᠢᠯᠡᠨ᠂ ᠵᠢᠯ ᠪᠦᠷᠢ ᠶᠢᠨ 1 ᠰᠠᠷ᠎ᠠ ᠶᠢᠨ 10᠎ ᠤ ᠡᠳᠦᠷ ᠢ ︽ᠳᠤᠮᠳᠠᠳᠤ ᠤᠯᠤᠰ ᠤᠨ ᠠᠷᠠᠳ ᠤᠨ ᠴᠠᠭᠳᠠᠭᠠᠨ ᠤ ᠪᠠᠶᠠᠷ︾ ᠪᠣᠯᠭᠠᠨ ᠲᠣᠭᠲᠠᠭᠠᠪᠠ᠃ ᠡᠨᠡ ᠡᠳᠦᠷ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾᠎ ᠢ ᠪᠡᠯᠭᠡᠯᠡᠬᠦ ᠵᠢᠴᠢ 2024 ᠣᠨ ᠤ ᠳ᠋ᠦᠩᠨᠡᠨ ᠬᠥᠬᠢᠭᠦᠯᠬᠦ ᠬᠤᠷᠠᠯ ᠬᠢᠭᠰᠡᠨ ᠨᠢ ᠠᠷᠠᠳ ᠤᠨ ᠴᠠᠭᠳᠠᠭ᠎ᠠ ᠶᠢᠨ ᠡᠩᠨᠡᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠴᠠᠭᠳᠠᠭ᠎ᠠ ᠶᠢᠨ ᠡᠩᠨᠡᠭᠡ ᠶᠢᠨ ᠳᠣᠲᠣᠭᠠᠳᠤ ᠶᠢᠨ ᠪᠦᠯᠬᠦᠮᠳᠡᠯ ᠤᠨ ᠬᠦᠴᠦᠨ ᠪᠠ ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠤᠨ ᠴᠠᠭᠳᠠᠭ᠎ᠠ ᠶᠢ  ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯᠯᠠᠬᠤ ᠶᠢ ᠵᠣᠷᠢᠭᠵᠢᠭᠤᠯᠪᠠ᠃     ᠳᠠᠯᠠᠶᠢᠬᠦ᠋ᠪ ᠎ ᠤᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠪᠦᠦ ᠱᠦᠨ᠄  ︽ᠥᠨᠥᠳᠥᠷ ᠡᠨᠡ ᠬᠦ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠲᠠᠪᠤᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠲᠤ ᠬᠤᠪᠢ ᠬᠥᠮᠥᠨ ᠤ ᠬᠥᠬᠢᠭᠦᠯᠦᠯ ᠢ ᠣᠯᠣᠭᠰᠠᠨ ᠳᠠᠭᠠᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠂ ᠡᠨᠡ ᠬᠦ ᠢᠷᠠᠭᠤ ᠠᠯᠳᠠᠷ ᠨᠢ ᠨᠠᠳᠠ ᠳᠤ ᠠᠪᠴᠤ ᠬᠡᠯᠡᠪᠡᠯ ᠨᠤᠲᠠᠯᠠᠯᠲᠠ ᠪᠣᠯᠬᠤ ᠮᠥᠷᠲᠡᠭᠡᠨ ᠪᠠᠰᠠ ᠴᠤ ᠰᠠᠭᠠᠷᠳᠠᠯᠭ᠎ᠠ ᠪᠣᠯᠣᠨ᠎ᠠ᠃       ᠪᠢ ᠡᠨᠡᠬᠦ ᠢᠷᠠᠭᠤ ᠠᠯᠳᠠᠷ ᠢ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠤᠭ ᠰᠠᠨᠠᠭ᠎ᠠ ᠪᠠᠨ ᠪᠠᠲᠤ ᠰᠠᠬᠢᠵᠤ᠂ ᠨᠡᠩ ᠡᠷᠡᠰ ᠪᠠᠲᠤ ᠢᠲᠡᠭᠡᠯ ᠪᠢᠰᠢᠷᠡᠯ᠂ ᠨᠡᠩ ᠴᠢᠩᠭ᠎ᠠ ᠲᠣᠳᠣᠷᠬᠠᠢ ᠰᠤᠷᠲᠠᠯ ᠢᠶᠠᠷ᠂ ᠪᠣᠳᠠᠲᠠᠢ ᠠᠵᠢᠯᠯᠠᠭ᠎ᠠ ᠳᠤᠮᠳᠠ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠲᠡᠮᠡᠴᠡᠯ ᠤᠨ ᠳᠤᠮᠳᠠ ᠡᠭᠦᠷᠭᠡ ᠬᠠᠷᠢᠭᠤᠴᠠᠯᠭ᠎ᠠ ᠪᠠᠨ  ᠬᠦᠢᠴᠡᠳᠬᠡᠨ᠎ᠠ︾ ᠭᠡᠪᠡ ᠃      ᠥᠷᠭᠡᠨ ᠤᠯᠠᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠲᠤᠬᠠᠢ ᠲᠠᠨᠢᠯᠲᠠ ᠶᠢ ᠴᠢᠩᠭᠠᠳᠬᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠠᠨ ᠮᠤᠷᠢ ᠶᠢᠨ ᠵᠠᠮ ᠤᠨ ᠠᠭᠤᠯᠵᠠᠭᠤᠷ ᠲᠤ  ︽ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ 110 ᠬᠠᠮᠵᠢᠯᠴᠠᠨ ᠥᠨᠳᠥᠷ ᠪᠦᠲᠦᠮᠵᠢᠲᠡᠢ ᠪᠠᠷ ᠠᠮᠤᠷ ᠲᠣᠭᠲᠠᠭᠤᠨ ᠢ ᠬᠠᠮᠠᠭᠠᠯᠠᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠲᠥᠪᠯᠡᠷᠡᠭᠦᠯᠦᠨ ᠤᠬᠠᠭᠤᠯᠪᠠ᠃        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠴᠠᠭᠳᠠᠭᠠᠨ ᠤ ᠶᠠᠪᠤᠳᠠᠯ ᠤᠨ ᠠᠵᠢᠯᠲᠠᠳ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠱᠠᠩᠨᠠᠯ ᠤᠯᠭᠤᠨ ᠥᠷᠢᠰᠦᠯᠳᠦᠨ ᠬᠠᠷᠢᠭᠤᠯᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠵᠠᠮ ᠬᠠᠷᠢᠯᠴᠠᠭ᠎ᠠ᠂ ᠢᠳᠡᠭᠡᠨ ᠤ ᠠᠮᠤᠷ ᠲᠦᠪᠰᠢᠨ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠡᠳᠦᠷ ᠲᠤᠳᠤᠮ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢᠵᠢᠯ ᠤᠨ ᠦᠵᠡᠯᠲᠡ ᠲᠠᠢ ᠪᠣᠯᠭᠠᠪᠠ᠃ ᠴᠠᠭᠳᠠᠭ᠎ᠠ ᠶᠢᠨ ᠪᠢᠴᠢᠬᠠᠨ ᠪᠠᠭᠠᠪᠠᠭᠠᠢ᠂ ᠬᠥᠯ ᠪᠥᠮᠪᠦᠭᠡ ᠪᠠ ᠮᠠᠷᠺ ᠪᠢᠷ ᠵᠡᠷᠭᠡ ᠡᠯᠪᠡᠭ ᠪᠠᠶᠠᠯᠢᠭ ᠱᠠᠩᠨᠠᠯ ᠨᠢ ᠮᠠᠰᠢ ᠣᠯᠠᠨ ᠰᠤᠷᠤᠭᠴᠢᠳ ᠤᠨ ᠠᠩᠬᠠᠷᠤᠯ ᠢ ᠲᠠᠲᠠᠵᠤ᠂ ᠲᠤᠬᠠᠢ ᠶᠢᠨ ᠲᠠᠯᠠᠪᠤᠷ ᠲᠤ ᠮᠠᠰᠢ ᠬᠥᠷ ᠬᠥᠭᠵᠢᠶᠡᠨ ᠲᠠᠢ ᠪᠠᠶᠢᠯ᠎ᠠ᠃ ᠴᠠᠭᠳᠠᠭᠠᠨ ᠤ ᠶᠠᠪᠤᠳᠠᠯ ᠤᠨ ᠠᠵᠢᠯᠲᠠᠳ ᠪᠠᠰᠠ ᠴᠠᠭᠳᠠᠭᠠᠨ ᠤ ᠵᠡᠪᠰᠡᠭ ᠲᠣᠨᠣᠭᠯᠠᠯ ᠤᠨ ᠬᠡᠷᠡᠭᠯᠡᠯᠲᠡ ᠶᠢᠨ ᠲᠤᠬᠠᠢ ᠲᠠᠶᠢᠯᠪᠤᠷᠢᠯᠠᠨ ᠶᠠᠷᠢᠵᠤ᠂ ᠰᠤᠷᠤᠭᠴᠢᠳ ᠲᠤ       ︽ᠳᠣᠲᠣᠨᠣ︾ ᠣᠶᠢᠯᠠᠭᠠᠯᠲᠠ ᠣᠯᠭᠤᠭᠰᠠᠨ ᠪᠠᠶᠢᠨ᠎ᠠ᠃      ᠠᠵᠢᠯᠯᠠᠭ᠎ᠠ ᠳᠤ ᠣᠷᠣᠯᠴᠠᠭᠰᠠᠨ ᠶᠠᠩ ᠰᠧ ᠴᠢᠩ᠄ ︽ᠤᠬᠤᠷ  ᠹᠡᠯᠢᠮ ᠢᠶᠠᠷ ᠳᠠᠮᠵᠢᠨ  ᠡᠨᠡᠬᠦ ᠪᠠᠭᠠᠪᠠᠭᠠᠢ ᠶᠢ ᠠᠪᠴᠤ ᠪᠣᠯᠬᠤ ᠶᠢ ᠮᠡᠳᠡᠵᠡᠢ᠂ ᠥᠨᠥᠳᠥᠷ ᠪᠢ ᠨᠠᠶᠢᠵᠠ ᠲᠠᠢ ᠪᠠᠨ ᠰᠡᠳᠦᠪ ᠬᠠᠷᠢᠭᠤᠯᠬᠤ ᠪᠠᠷ ᠳᠠᠮᠵᠢᠨ ᠡᠨᠡ ᠪᠠᠭᠠᠪᠠᠭᠠᠢ ᠶᠢ ᠣᠯᠵᠤ ᠠᠪᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠰᠡᠳᠦᠪ ᠬᠠᠷᠢᠭᠤᠯᠬᠤ ᠪᠠᠷ ᠳᠠᠮᠵᠢᠭᠠᠳ ᠴᠠᠭᠳᠠᠭ᠎ᠠ ᠶᠢᠨ ᠲᠤᠬᠠᠢ ᠮᠡᠳᠡᠯᠭᠡ ᠶᠢ ᠣᠯᠵᠤ ᠮᠡᠳᠡᠪᠡ᠂ ᠡᠨᠡ ᠤᠳᠠᠭᠠᠨ ᠤ ᠠᠵᠢᠯᠯᠠᠭ᠎ᠠ ᠮᠠᠰᠢ ᠤᠳᠬ᠎ᠠ ᠠᠭᠤᠯᠭ᠎ᠠ ᠲᠠᠢ︾ ᠭᠡᠪᠡ ᠃      ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠤᠨ ᠡᠷᠬᠢᠯᠡᠭᠴᠢ ᠨᠢᠦ ᠺᠠᠢ᠄ ︽ᠲᠠᠪᠤᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠶᠢᠨ ᠲᠥᠯᠥᠭᠡ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ ᠣᠴᠢᠬᠤ ᠬᠡᠯᠪᠡᠷᠢ ᠪᠠᠷ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠵᠤ᠂  ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠨ᠎ᠡ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠴᠠᠭᠳᠠᠭ᠎ᠠ ᠶᠢᠨ ᠵᠣᠷᠢᠭ ᠰᠠᠨᠠᠭ᠎ᠠ ᠶᠢ  ᠲᠤᠳᠤᠷᠠᠭᠤᠯᠪᠠ︾  ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号